ᠬᠠᠨ ᠲᠤᠤ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2025/4/28
     4 ᠳ᠋ᠤᠭᠡᠷ ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠲᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠ ᠰᠠᠨᠠᠯ ᠢ ᠨᠠᠷᠢᠨ ᠬᠢᠨᠠᠮᠠᠭᠠᠢ ᠰᠤᠨᠤᠰᠤᠨ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠨᠠᠷᠢᠨ ᠣᠶᠢᠯᠠᠭᠠᠵᠤ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤᠪᠠᠷ ᠰᠢᠢᠳᠪᠦᠷᠢᠯᠡᠬᠦ ᠠᠷᠭ᠎ᠠ ᠶᠢ ᠰᠤᠳᠤᠯᠤᠨ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃     ᠬᠠᠨ ᠲᠤᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠬᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠨᠢᠭᠲᠠᠷᠠᠭᠤᠯᠬᠤ᠂ ᠠᠷᠠᠳ ᠤᠯᠠᠨ ᠲᠠᠢ ᠬᠠᠷᠢᠯᠴᠠᠬᠤ ᠴᠢᠬᠤᠯᠠ ᠠᠷᠭ᠎ᠠ ᠵᠠᠮ ᠮᠥᠨ᠃ ᠡᠯ᠎ᠡ ᠰᠠᠯᠠᠭ᠎ᠠ ᠮᠥᠴᠢᠷ ᠤᠨ ᠬᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠦᠷᠭᠦᠯᠵᠢᠯᠡᠨ ᠰᠢᠯᠢᠳᠡᠭᠵᠢᠭᠦᠯᠵᠦ᠂ ᠡᠬᠢ ᠪᠠᠶᠠᠯᠢᠭ ᠢ ᠬᠦᠴᠦᠯᠡᠨ ᠨᠢᠭᠡᠳᠬᠡᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠤᠯᠠᠨ ᠲᠦᠮᠡᠨ ᠳᠤ ᠭᠤᠮᠣᠳᠠᠯ ᠲᠤᠭᠠᠴᠠᠬᠤ ᠠᠴᠠ ᠠᠰᠠᠭᠤᠳᠠᠯ ᠢ ᠰᠢᠢᠳᠪᠦᠷᠢᠯᠡᠬᠦ ᠬᠦᠷᠲᠡᠯᠡᠬᠢ ᠪᠦᠬᠦ ᠶᠠᠪᠤᠴᠠ ᠶᠢᠨ ᠦᠢᠯᠡᠴᠢᠯᠡᠭᠡ ᠶᠢ ᠬᠠᠩᠭᠠᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠴᠠᠭ ᠲᠤᠬᠠᠢ ᠳᠤᠨᠢ ᠥᠨᠳᠥᠷ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ ᠪᠣᠯᠤᠨ ᠭᠡᠷ ᠪᠠᠶᠢᠰᠢᠩ ᠭᠠᠵᠠᠷ ᠬᠦᠷᠦᠩᠭᠡ ᠶᠢᠨ ᠲᠦᠷᠦᠯ ᠵᠦᠢᠯ ᠤᠨ ᠦᠯᠡᠳᠡᠭᠳᠡᠯ ᠠᠰᠠᠭᠤᠳᠠᠯ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠡᠷᠭᠡ ᠵᠠᠬᠢᠳᠠᠯ ᠰᠤᠷᠪᠤᠯᠵᠢᠯᠠᠭ᠎ᠠ ᠤᠯᠠᠨ ᠡᠭᠦᠰᠬᠦ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠤᠳᠤᠯᠭ᠎ᠠ ᠶᠢ ᠤᠬᠠᠭᠤᠯᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠵᠥᠷᠢᠴᠡᠯ ᠢ ᠡᠶᠡᠳᠡᠭᠦᠯᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠡᠷᠭᠡᠶᠢᠯᠡᠬᠦ᠂ ᠦᠨᠳᠦᠰᠦᠨ ᠱᠠᠲᠤᠨ ᠳᠤ ᠰᠢᠢᠳᠪᠦᠷᠢᠯᠡᠬᠦ᠂ ᠴᠤᠬᠤᠶᠢᠵᠤ ᠪᠠᠶᠢᠭ᠎ᠠ ᠦᠶ᠎ᠡ ᠳᠤᠨᠢ ᠠᠷᠢᠯᠭᠠᠬᠤ ᠪᠠᠷ ᠴᠢᠷᠮᠠᠶᠢᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠯᠠᠪᠳᠠᠭᠤᠨ ᠪᠠᠲᠤᠲᠠᠶ ᠳᠡᠭᠡᠭᠰᠢᠯᠡᠬᠦᠯᠦᠨ᠂ ᠳᠠᠬᠢᠨ ᠳᠠᠪᠳᠠᠨ ᠵᠠᠬᠢᠳᠠᠯ ᠰᠤᠷᠪᠤᠯᠵᠢᠯᠠᠭ᠎ᠠ ᠬᠢᠭᠰᠡᠨ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠵᠤ᠂ ᠨᠠᠷᠢᠨ ᠲᠣᠳᠣᠷᠬᠠᠶ ᠡᠬᠡ ᠲᠠᠩᠰᠠ ᠪᠠᠶᠢᠭᠤᠯᠤᠨ᠂ ᠨᠢᠭᠡ ᠨᠢᠭᠡ ᠪᠠᠷ ᠵᠠᠳᠠᠯᠤᠨ ᠰᠤᠳᠤᠯᠵᠤ᠂ ᠬᠠᠨᠳᠤᠯᠭᠠᠳᠤ ᠴᠢᠨᠠᠷᠳᠠᠢ ᠪᠠᠷ ᠠᠷᠭ᠎ᠠ ᠪᠣᠳᠣᠯᠭ᠎ᠠ ᠬᠡᠷᠡᠭᠵᠢᠬᠦᠯᠦᠨ᠂ ᠨᠠᠷᠢᠯᠢᠭ ᠣᠨᠣᠴᠠᠲᠠᠶ ᠪᠠᠷ ᠰᠢᠢᠳᠪᠤᠷᠢᠯᠡᠵᠤ᠂ ᠳᠠᠬᠢᠨ ᠳᠠᠪᠳᠠᠨ ᠵᠠᠬᠢᠳᠠᠯ ᠰᠤᠷᠪᠤᠯᠵᠢᠯᠠᠭ᠎ᠠ ᠬᠢᠬᠦ ᠬᠡᠷᠡᠭ ᠤᠨ ᠦᠯᠡᠳᠡᠬᠡᠯ ᠢ ᠪᠠᠭᠠᠰᠬᠠᠬᠤ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠦᠨᠡᠨ ᠬᠦ ᠠᠬᠢᠭᠤᠯᠵᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠬᠢᠬᠦ ᠤᠯᠠᠨ ᠲᠦᠮᠡᠨ ᠨᠢᠭᠡᠪᠦᠷᠢ ᠳᠤ ᠦᠨᠡᠨ ᠰᠡᠳᠬᠢᠯ ᠠᠴᠠ ᠪᠠᠨ ᠬᠠᠨᠳᠤᠵᠤ᠂ ᠤᠯᠠᠨ ᠲᠦᠮᠡᠨ ᠤ ᠬᠠᠷᠠᠭᠠᠰᠤ ᠠᠴᠠ ᠠᠰᠠᠭᠤᠳᠠᠯ ᠢ ᠪᠤᠳᠤᠯᠬᠢᠯᠠᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠴᠤ᠂ ᠭᠦᠢᠴᠡᠳ ᠣᠶᠢᠯᠠᠭᠠᠨ ᠬᠠᠯᠠᠮᠵᠢᠯᠠᠬᠤ ᠬᠡᠷᠡᠭᠲᠡᠢ᠃ ᠬᠠᠤᠯᠢ ᠴᠠᠭᠠᠵᠠ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠦᠢ ᠵᠣᠬᠢᠰᠲᠠᠢ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ ᠰᠢᠢᠳᠪᠦᠷᠢᠯᠡᠵᠦ᠂ ᠤᠯᠠᠨ ᠲᠦᠮᠡᠨ ᠤ ᠠᠰᠢᠭ ᠲᠤᠰᠠ ᠶᠢ ᠪᠦᠲᠦᠮᠵᠢᠲᠡᠢ ᠪᠠᠳᠤᠯᠠᠨ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ