ᠬᠠᠨ ᠲᠤᠤ ᠪᠤᠷᠵᠠᠩ ᠨᠠᠭᠤᠷ ᠪᠠᠯᠭᠠᠰᠤᠨ ᠳᠤ ᠭᠦᠨᠵᠡᠭᠡᠶᠢᠷᠡᠨ ᠭᠤᠤᠯᠳᠠᠯᠭ᠎ᠠ ᠲᠠᠢ ᠠᠵᠢᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2025/4/29
     4 ᠳ᠋ᠤᠭᠡᠷ ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠪᠤᠷᠵᠠᠩ ᠨᠠᠭᠤᠷ ᠪᠠᠯᠭᠠᠰᠤᠨ ᠤ ᠴᠧᠩ ᠯᠢᠶᠠᠩ ᠲᠣᠰᠬᠤᠨ᠂ ᠪᠠᠯᠭᠠᠰᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ ᠪᠣᠯᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠬᠢ ᠵᠢᠴᠢ ᠬᠡᠰᠡᠭ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠳᠤ ᠭᠦᠨᠵᠡᠭᠡᠶᠢᠷᠡᠵᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠣᠰᠬᠤᠨ ᠤ ᠠᠷᠠᠳ ᠲᠠᠢ ᠪᠤᠳᠤᠯ ᠰᠠᠨᠠᠯ ᠢᠶᠠᠨ ᠰᠤᠯᠢᠯᠴᠠᠵᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ  ᠨᠢ ᠣᠶᠢᠯᠠᠭᠠᠬᠤ ᠶᠢᠨ ᠬᠠᠮᠲᠤ ᠬᠤᠯᠪᠤᠭᠠᠯᠠᠨ ᠳᠠᠭᠠᠭᠠᠴᠢᠯᠠᠭᠰᠠᠨ ᠪᠠᠯᠭᠠᠰᠤᠨ ᠤ ᠰᠤᠷᠲᠠᠯ ᠤᠨ ᠪᠠᠶᠢᠭᠤᠯᠤᠯᠲᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠠᠷᠠᠳ ᠲᠤ ᠪᠣᠳᠠᠲᠠᠢ ᠶᠠᠪᠤᠳᠠᠯ ᠬᠢᠬᠦ ᠵᠢᠴᠢ ᠭᠤᠣᠯᠳᠠᠯᠭ᠎ᠠ ᠲᠠᠢ ᠲᠣᠰᠬᠤᠨ ᠢ ᠲᠦᠷᠦᠯ ᠬᠤᠪᠢᠶᠠᠨ ᠬᠠᠮᠢᠶᠠᠷᠬᠤ ᠵᠡᠷᠭᠡ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ᠃     ᠬᠠᠨ ᠲᠤᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠴᠡᠭᠴᠡᠯᠡᠨ ᠵᠠᠰᠠᠵᠤ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠳᠤᠳᠠᠢ ᠠᠬᠢᠭᠤᠯᠤᠨ᠂ ᠲᠣᠰᠬᠤᠨ ᠤ ᠪᠣᠳᠠᠲᠤ ᠪᠠᠶᠢᠳᠠᠯ ᠳᠤ ᠰᠠᠭᠤᠷᠢᠯᠠᠨ ᠡᠬᠢ ᠪᠠᠶᠠᠯᠢᠭ ᠤᠨ ᠳᠠᠪᠠᠭᠤᠯᠢᠭ ᠢ ᠠᠭᠤᠳᠠᠯᠵᠤ᠂ ᠤᠨᠴᠠᠯᠢᠬᠳᠤ ᠠᠵᠤ ᠦᠢᠯᠡᠰ ᠢ ᠪᠤᠶᠢᠵᠢᠭᠤᠯᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠣᠳᠠᠲᠠᠢ ᠶᠠᠪᠤᠳᠠᠯ ᠬᠢᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ︔ ᠦᠨᠳᠦᠰᠦᠨ ᠱᠠᠲᠤᠨ ᠤ ᠦᠢᠯᠡᠴᠢᠯᠡᠭᠡᠨ ᠤ ᠴᠤᠩᠬᠤᠪᠴᠢ ᠶᠢᠨ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ ᠬᠦᠯᠢᠶᠡᠰᠦ ᠶᠢ ᠰᠤᠯᠠᠷᠠᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠵᠠᠷᠤᠴᠠᠭᠤᠯᠵᠤ ᠤᠯᠠᠨ ᠲᠦᠮᠡᠨ ᠳᠤ ᠤᠶᠢᠯᠡᠴᠢᠯᠡᠬᠦᠯᠬᠦ ᠬᠡᠷᠡᠭᠲᠡᠢ︔ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠡᠩᠨᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠠᠶᠢᠨ ᠰᠠᠶᠢᠬᠠᠨ ᠬᠠᠤᠯᠢᠵᠢᠯ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ︔ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠤᠨ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠦᠷᠬᠦᠯᠵᠢᠯᠡᠬᠦᠶᠢᠴᠡ ᠬᠥᠭᠵᠢᠯᠲᠡ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠲᠣᠰᠬᠤᠨ ᠢ ᠲᠦᠷᠦᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠵᠦᠷᠢᠶᠡᠴᠢᠯᠡᠭᠰᠡᠨ ᠬᠥᠭᠵᠢᠯᠲᠡ ᠶᠢᠨ ᠠᠷᠭ᠎ᠠ ᠪᠤᠳᠤᠯᠭ᠎ᠠ ᠶᠢ ᠲᠤᠭᠳᠠᠭᠠᠨ᠂ ᠬᠥᠳᠡᠭᠡ ᠲᠣᠰᠬᠤᠨ ᠤ ᠣᠨᠴᠠᠯᠢᠭᠵᠢᠭᠰᠠᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠪᠦᠬᠦ ᠲᠠᠯ᠎ᠠ ᠪᠠᠷ ᠨᠡᠮᠡᠭᠳᠡᠭᠦᠯᠬᠦ ᠬᠡᠷᠡᠭᠲᠡᠢ ᠭᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ