4 ᠰᠠᠷ᠎ᠠ ᠶᠢᠨ 29 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠤᠰᠬᠠᠢ | ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠪᠥᠬᠦ ᠲᠣᠭᠤᠷᠢᠭ ᠤᠨ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠢ ᠭᠦᠢᠴᠡᠳᠬᠡᠬᠦ ᠵᠢᠴᠢ ᠬᠡᠰᠡᠭ | ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠬᠦᠴᠢᠷ ᠲᠦᠪᠡᠭᠲᠡᠢ ᠠᠰᠠᠭᠤᠳᠠᠯ ᠢ ᠭᠦᠨᠵᠡᠭᠡᠢ ᠵᠠᠳᠠᠯᠤᠨ᠂ ᠰᠢᠢᠳᠪᠦᠷᠢᠯᠡᠬᠦ ᠠᠷᠭ᠎ᠠ | ᠵᠠᠮ ᠢ ᠰᠤᠳᠤᠯᠵᠤ᠂ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠢ ᠭᠦᠢᠴᠡᠳᠬᠡᠬᠦ ᠠᠰᠠᠭᠤᠳᠠᠯ ᠪᠠ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ | ᠲᠤᠰᠬᠠᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠭᠡᠷ ᠬᠥᠷᠥᠩᠭᠡ ᠶᠢ ᠲᠤᠰᠢᠶᠠᠨ ᠥᠭᠬᠦ ᠠᠰᠠᠭᠤᠳᠠᠯ ᠢ ᠬᠦᠴᠦᠲᠡᠢ ᠪᠥᠭᠡᠳ ᠪᠦᠲᠦᠮᠵᠢᠲᠡᠢ | ᠰᠢᠢᠳᠪᠦᠷᠢᠯᠡᠪᠡ᠃ | ᠬᠠᠨ ᠲᠤᠤ᠂ ᠬᠡᠷ ᠪᠠᠶᠢᠰᠢᠩ ᠤᠨ ᠥᠮᠴᠢᠯᠡᠯ ᠤᠨ ᠡᠷᠬᠡ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠨᠢ ᠠᠷᠠᠳ ᠣᠯᠠᠨ ᠤ ᠲᠤᠰ ᠪᠡᠶ᠎ᠡ ᠶᠢᠨ ᠠᠰᠢᠭ | ᠲᠤᠰᠠ ᠲᠠᠢ ᠬᠤᠯᠪᠣᠭᠳᠠᠵᠤ᠂ ᠨᠡᠶᠢᠭᠡᠮ ᠤᠨ ᠶᠡᠭᠡ ᠲᠠᠯ᠎ᠠ ᠵᠢᠨᠡᠶᠡ ᠵᠣᠬᠢᠴᠠᠯ ᠪᠠ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ᠃ ᠡᠯ᠎ᠡ ᠰᠠᠯᠠᠭ᠎ᠠ ᠮᠥᠴᠢᠷ | ᠡᠯ᠎ᠡ ᠨᠢᠭᠡᠴᠡ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠴᠢᠩᠭᠠᠳᠬᠠᠨ᠂ ᠨᠡᠩ ᠬᠠᠷᠢᠭᠤᠴᠠᠯᠭᠠᠲᠤ | ᠣᠪᠣᠷ᠂ ᠨᠡᠩ ᠬᠦᠴᠦᠲᠡᠢ ᠠᠷᠭ᠎ᠠ ᠬᠡᠮᠵᠢᠶ᠎ᠡ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠨᠡᠬᠦ ᠠᠵᠢᠯ ᠢ ᠰᠠᠶᠢᠲᠤᠷ ᠬᠢᠵᠦ᠂ ᠪᠣᠳᠠᠲᠠᠢ ᠳᠤ ᠨᠠᠶᠢᠳᠠᠪᠤᠷᠢᠵᠢᠭᠤᠯᠬᠤ | ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠢᠳᠪᠦᠷᠢᠯᠡᠭᠰᠡᠨ ᠦᠭᠡᠢ ᠠᠰᠠᠭᠤᠳᠠᠯ ᠤᠨ ᠰᠢᠯᠲᠠᠭᠠᠨ ᠢ ᠡᠮᠬᠢᠯᠡᠵᠤ᠂ ᠤᠳᠤ ᠪᠠᠶᠢᠭ᠎ᠠ | ᠠᠰᠠᠭᠤᠳᠠᠯ ᠤᠨ ᠪᠠᠶᠢᠳᠠᠯ ᠢ ᠲᠣᠳᠣᠷᠬᠠᠢ ᠤᠶᠢᠯᠠᠭᠠᠨ᠂ ᠲᠤᠭ᠎ᠠ ᠪᠠᠷᠢᠮᠲᠠ ᠶᠢ ᠪᠠᠳᠤᠳᠬᠠᠵᠤ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠨ᠂ | ᠰᠡᠳᠬᠢᠴᠡ ᠠᠷᠭ᠎ᠠ ᠶᠢᠨ ᠰᠢᠨ᠎ᠡ ᠶᠢ ᠡᠭᠦᠳᠴᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠪᠠᠨ ᠵᠦᠢᠯ ᠳᠠᠷᠠᠭᠠᠯᠠᠨ ᠲᠣᠳᠣᠷᠬᠠᠶᠢᠯᠠᠬᠤ ᠬᠡᠷᠡᠭᠲᠡᠢ᠃ ᠬᠡᠮ ᠰᠣᠭᠤᠭ ᠢ ᠨᠢ | ᠣᠨᠣᠪᠴᠢᠲᠠᠢ ᠡᠷᠢᠵᠦ ᠭᠤᠣᠯᠳᠠᠯᠭ᠎ᠠ ᠶᠢ ᠠᠳᠬᠤᠨ᠂ ᠦᠨᠡᠮᠯᠡᠯ ᠭᠦᠢᠴᠡᠳᠬᠡᠬᠦ ᠠᠷᠭ᠎ᠠ ᠵᠠᠮ ᠤᠨ ᠰᠠᠭᠠᠳ ᠦᠭᠡᠢ ᠪᠠᠶᠢᠬᠤ ᠶᠢ ᠪᠠᠲᠤᠯᠠᠵᠤ᠂ ᠭᠦᠢᠴᠡᠳᠬᠡᠬᠦ | ᠶᠠᠪᠤᠴᠠ ᠶᠢ ᠰᠢᠯᠢᠳᠡᠭᠵᠢᠭᠦᠯᠦᠨ ᠳᠥᠭᠦᠮᠴᠢᠯᠡᠵᠦ᠂ ᠤᠨᠢᠨ ᠳᠡᠭᠡᠷ᠎ᠡ ᠨᠢ ᠵᠢᠯᠣᠭᠤᠳᠬᠤ ᠦᠢᠯᠡᠴᠢᠯᠡᠭᠡ ᠶᠢ ᠰᠠᠶᠢᠲᠤᠷ ᠬᠢᠵᠦ᠂ ᠭᠡᠷ ᠪᠠᠶᠢᠰᠢᠩ ᠤᠨ ᠥᠮᠴᠢᠯᠡᠯ ᠤᠨ | ᠡᠷᠬᠡ ᠶᠢ ᠭᠦᠢᠴᠡᠳᠬᠡᠬᠦ ᠠᠵᠢᠯ ᠤᠨ ᠶᠠᠰᠤ ᠴᠢᠨᠠᠷ ᠦᠷ᠎ᠡ ᠪᠦᠳᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠠᠮᠵᠢᠯᠴᠠᠨ ᠵᠤᠬᠢᠴᠠᠯᠳᠤᠬᠤ ᠪᠠᠨ | ᠦᠷᠭᠦᠯᠵᠢᠯᠡᠨ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠬᠤᠷᠢᠶ᠎ᠠ ᠪᠠᠶᠢᠴᠠᠭᠠᠬᠤ ᠬᠤᠷᠢᠶ᠎ᠠ ᠰᠢᠭᠦᠬᠦ ᠬᠤᠷᠢᠶ᠎ᠠ ᠶᠢᠨ ᠬᠦᠴᠦᠨ ᠢ ᠰᠢᠨᠵᠢᠯᠡᠬᠦ ᠤᠬᠠᠭᠠᠨᠴᠢ ᠪᠠᠷ | ᠨᠢᠭᠡᠳᠦᠯᠲᠡᠢ ᠲᠥᠯᠥᠪᠵᠢᠭᠦᠯᠵᠦ᠂ ᠨᠡᠪᠳᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠠᠲᠤᠯᠠᠵᠤ᠂ ᠠᠵᠤ | ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢᠶᠠᠷ ᠭᠡᠷ ᠪᠠᠶᠢᠰᠢᠩ ᠤᠨ | ᠥᠮᠴᠢᠯᠡᠯ ᠤᠨ ᠡᠷᠬᠡ ᠶᠢᠨ ᠦᠨᠡᠮᠯᠡᠯ ᠢ ᠭᠦᠢᠴᠡᠳᠬᠡᠬᠦ ᠠᠵᠢᠯ ᠢ ᠴᠠᠭ ᠬᠤᠭᠤᠴᠠᠭᠠᠨ ᠳᠤᠳᠤᠷ᠎ᠠ ᠨᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠬᠠᠯᠠᠭᠤᠨ | ᠳᠤᠳᠤᠨᠤᠰᠤᠭ ᠢᠶᠠᠷ᠂ ᠤᠷᠤᠨ ᠪᠠᠶᠢᠷᠢ ᠰᠤᠯᠢᠬᠤ ᠰᠡᠳᠬᠢᠬᠦᠢ ᠪᠠᠷ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠤᠷᠢᠯᠡᠵᠤ᠂ ᠲᠥᠷᠥ ᠶᠢᠨ ᠪᠣᠳᠣᠯᠭ᠎ᠠ ᠬᠠᠤᠯᠢ | ᠴᠠᠭᠠᠵᠠ ᠶᠢᠨ ᠲᠠᠶᠢᠯᠪᠤᠷᠢᠯᠠᠯᠲᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠲᠠᠶᠢᠯᠪᠤᠷᠢᠯᠠᠵᠤ᠂ ᠰᠠᠭᠤᠭᠠᠯᠢ | ᠠᠷᠠᠳ ᠲᠤ ᠴᠠᠭ ᠲᠤᠬᠠᠶ ᠳᠤᠨᠢ ᠮᠡᠳᠡᠭᠳᠡᠨ᠂ ᠣᠯᠠᠨ ᠲᠦᠮᠡᠨ ᠤ ᠢᠳᠡᠪᠬᠢᠳᠠᠢ ᠤᠷᠤᠯᠴᠠᠬᠤ ᠶᠢ ᠬᠦᠳᠦᠯᠦᠨ ᠵᠢᠯᠤᠭᠤᠳᠴᠤ᠂ ᠪᠣᠳᠠᠲᠠᠶ ᠠᠰᠠᠭᠤᠳᠠᠯ ᠢ ᠬᠠᠮᠲᠤ ᠪᠠᠷ | ᠰᠤᠳᠤᠯᠤᠨ ᠰᠢᠢᠳᠪᠦᠷᠢᠯᠡᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ | ᠭᠡᠪᠡ᠃ | ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠵᠠᠩ ᠵᠢᠶᠠᠨ ᠬᠦᠩ᠂ ᠱᠢ ᠮᠤᠤ ᠯᠢᠨ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠳᠠᠳ ᠣᠷᠣᠯᠴᠠᠪᠠ᠃ | | | | | |