| ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢᠨ ᠲᠥᠯᠥᠭᠡ᠂ | ᠳᠡᠬᠡᠷᠡᠮ᠎ᠡ ᠶᠢᠨ ᠰᠢᠯᠢ ᠳᠤᠰᠬᠤᠨ ᠸᠠᠨ ᠯᠢ ᠡᠷᠡᠭᠦᠯ ᠬᠠᠮᠠᠭᠠᠯᠠᠯ ᠤᠨ ᠬᠤᠷᠢᠶ᠎ᠠ᠂ ᠸᠠᠨ ᠯᠢ ᠬᠦᠳᠡᠭᠡ ᠳᠤᠰᠬᠤᠨ ᠤ ᠬᠤᠳᠠᠯᠳᠤᠭᠠᠨ ᠤ ᠪᠠᠩᠬᠢ ᠲᠠᠢ ᠬᠠᠮᠳᠤᠷᠠᠨ | ᠬᠠᠮᠲᠤᠷᠠᠨ ᠳᠡᠬᠡᠷᠡᠮ᠎ᠡ ᠶᠢᠨ ᠰᠢᠯᠢ ᠳᠤᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ︽ᠯᠧᠢ ᠹᠧᠩ ᠠᠴᠠ ᠲᠠᠭᠠᠨ ᠰᠤᠷᠤᠯᠴᠠᠵᠤ ᠪᠤᠯᠪᠠᠰᠤᠨ | ᠢ ᠦᠢᠯᠡᠳᠤᠯᠬᠡᠵᠢᠬᠦᠯᠬᠦ ᠬᠠᠶᠢᠷ᠎ᠠ ᠬᠠᠯᠠᠮᠵᠢᠳᠤ ᠠᠯᠪᠠᠨ ᠵᠢᠷᠤᠮ ᠤᠨ ᠡᠮᠴᠢᠯᠡᠭᠡ ᠪᠠᠷ ᠡᠷᠡᠭᠦᠯ ᠴᠢᠭᠢᠷᠠᠭ ᠠᠮᠢᠳᠤᠷᠠᠯ ᠢ ᠭᠡᠷᠡᠯᠲᠦᠭᠦᠯᠦᠶ᠎ᠡ︾ ᠭᠡᠬᠦ ᠭᠤᠣᠯ ᠰᠡᠳᠦᠪᠲᠦ | ᠠᠵᠢᠯᠯᠠᠭ᠎ᠠ ᠶᠢ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ ᠸᠠᠨ ᠯᠢ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠴᠢ ᠶᠢ ᠤᠷᠢᠵᠤ᠂ ᠲᠣᠰᠬᠤᠨ ᠤ ᠠᠷᠠᠳ ᠲᠤ ︽ᠡᠷᠡᠭᠦᠯ ᠮᠡᠨᠳᠦ ᠶᠢᠨ | ᠲᠣᠮᠣ ᠪᠡᠯᠡᠭ︾ ᠬᠦᠷᠬᠡᠵᠤ᠄ ᠴᠢᠰᠤᠨ ᠳᠠᠷᠤᠯᠲᠠ ᠴᠢᠰᠤᠨ ᠤ ᠰᠢᠬᠢᠷ ᠤᠨ ᠪᠠᠶᠢᠴᠠᠭᠠᠯᠲᠠ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠣᠨᠣᠰᠢᠯᠠᠨ ᠵᠥᠪᠯᠡᠯᠭᠡ ᠦᠭᠬᠦ᠂ | ᠥᠪᠡᠷᠮᠢᠴᠡ ᠡᠷᠡᠭᠦᠯ ᠮᠡᠨᠳᠦ ᠶᠢᠨ ᠵᠢᠯᠣᠭᠤᠳᠤᠯᠭ᠎ᠠ ᠵᠡᠷᠭᠡ ᠦᠢᠯᠡᠴᠢᠯᠡᠭᠡ ᠶᠢ ᠬᠠᠩᠭᠠᠪᠠ᠃ | ᠠᠵᠢᠯᠯᠠᠭᠠᠨ ᠤ ᠲᠤᠬᠠᠢ ᠶᠢᠨ ᠲᠠᠯᠠᠪᠤᠷ ᠲᠤ᠂ ᠡᠮᠴᠢ ᠰᠤᠪᠢᠯᠠᠭᠴᠢᠳ ᠰᠠᠭᠤᠭᠠᠯᠢ ᠠᠷᠠᠳ ᠨᠢᠭᠡᠪᠦᠷᠢ ᠳᠤ ᠨᠠᠷᠢᠨ ᠨᠢᠮᠪᠠᠢ ᠪᠠᠶᠢᠴᠠᠭᠠᠯᠲᠠ ᠬᠢᠨ ᠦᠭᠴᠤ᠂ | ᠲᠡᠳᠡᠨ ᠤ ᠠᠰᠠᠭᠤᠯᠳᠠ ᠶᠢ ᠨᠠᠷᠢᠨ ᠲᠣᠳᠣᠷᠬᠠᠢ ᠲᠠᠶᠢᠯᠪᠤᠷᠢᠯᠠᠬᠤ ᠶᠢᠨ ᠬᠠᠮᠲᠤ ᠲᠡᠳᠡᠨ ᠤ ᠪᠡᠶ᠎ᠡ ᠮᠠᠬᠠᠪᠤᠳ ᠤᠨ ᠪᠠᠶᠢᠳᠠᠯ ᠢ ᠦᠨᠳᠦᠰᠦᠯᠡᠨ ᠥᠪᠡᠷᠮᠢᠴᠡ ᠡᠷᠡᠭᠦᠯ | ᠮᠡᠨᠳᠦ ᠶᠢᠨ ᠰᠠᠨᠠᠭᠤᠯᠭ᠎ᠠ ᠶᠢ ᠬᠠᠩᠭᠠᠪᠠ᠃ ᠰᠠᠶᠢᠨ ᠳᠤᠷᠠᠴᠤᠳ ᠡᠮᠬᠢ ᠳᠢᠭᠯᠢᠮ ᠢ ᠬᠠᠮᠠᠭᠠᠯᠠᠬᠤ ᠳᠤ ᠢᠳᠡᠪᠬᠢᠲᠡᠢ ᠬᠠᠮᠵᠢᠯᠴᠠᠵᠤ᠂ ᠰᠠᠭᠤᠭᠠᠯᠢ ᠠᠷᠠᠳ ᠤᠨ ᠡᠮᠬᠢ | ᠳᠢᠭᠯᠢᠮ ᠲᠠᠢ ᠪᠠᠷ ᠡᠮᠨᠡᠭᠦᠯᠬᠦ ᠶᠢ ᠬᠥᠲᠥᠯᠥᠨ ᠵᠢᠯᠤᠭᠤᠳᠴᠤ᠂ ᠡᠷᠡᠭᠦᠯ ᠮᠡᠨᠳᠦ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ ᠰᠠᠭᠤᠭᠠᠯᠢ ᠠᠷᠠᠳ ᠲᠤ | ᠭᠠᠯ ᠰᠢᠯ᠂ ᠭᠠᠷ ᠤᠬᠢᠶᠠᠬᠤ ᠰᠢᠩᠭᠡᠨ ᠵᠡᠷᠭᠡ ᠪᠡᠯᠡᠭ ᠬᠦᠷᠬᠡᠪᠡ᠃ ᠠᠵᠢᠯᠯᠠᠭ᠎ᠠ ᠨᠢ ᠤᠯᠠᠨ ᠲᠦᠮᠡᠨ ᠤ ᠬᠠᠯᠠᠭᠤᠨ ᠬᠦᠷᠢᠶᠡᠯᠡᠯ ᠢ ᠤᠯᠵᠤ᠂ ᠨᠡᠶᠢᠬᠡᠮ ᠤᠨ ᠬᠠᠯᠠᠭᠤᠨ | ᠳᠤᠯᠠᠭᠠᠨ ᠬᠠᠶᠢᠷ᠎ᠠ ᠬᠠᠯᠠᠮᠵᠢ ᠶᠢ ᠦᠨᠡᠨᠬᠦ ᠬᠦᠷᠳᠡᠯ᠎ᠡ ᠬᠡᠵᠡᠬᠡᠵᠤ ᠪᠠᠶᠢᠪᠠ᠃ | ᠡᠨᠡᠬᠦ ᠠᠯᠪᠠᠨ ᠵᠢᠷᠦᠮ ᠤᠨ ᠡᠮᠴᠢᠯᠡᠬᠡᠨ ᠤ ᠦᠢᠯᠡᠴᠢᠯᠡᠭᠡ ᠨᠢ ︽ᠰᠡᠳᠬᠢᠯ ᠢ ᠬᠤᠯᠪᠤᠬᠤ ᠬᠦᠬᠦᠷᠬᠡ︾ ᠶᠢ ᠪᠤᠰᠬᠠᠭᠰᠠᠨ ᠢᠶᠠᠷ ᠪᠠᠷᠠᠬᠤ ᠦᠬᠡᠢ ᠨᠡᠩ ᠴᠤ | ᠳᠡᠬᠡᠷᠡᠮ᠎ᠡ ᠶᠢᠨ ᠰᠢᠯᠢ ᠳᠤᠰᠬᠤᠨ ᠤ ᠪᠠᠶᠠᠷ ᠵᠢᠷᠭᠠᠯᠳᠤ ᠠᠷᠠᠳ ᠤᠨ ᠠᠮᠢᠳᠤᠷᠠᠯ ᠢ ᠬᠠᠷᠠᠭᠤᠯᠤᠭᠰᠠᠨ ᠪᠠᠶᠢᠨ᠎ᠠ᠃ | | |