4 ᠰᠠᠷ᠎ᠠ ᠶᠢᠨ 8 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ | ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠠᠮᠢ ᠠᠬᠤᠢ ᠶᠢᠨ ᠬᠠᠮᠠᠭᠠᠯᠠᠯᠲᠠ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠠᠬᠤᠢ ᠳᠠᠯᠠᠪᠠᠢ ᠳᠤᠨᠢ ᠪᠠᠶᠢᠴᠠᠭᠠᠨ | ᠰᠤᠳᠤᠯᠬᠤ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠱᠠᠯᠠᠪᠳᠠᠭᠤᠯᠤᠨ ᠵᠢᠯᠣᠭᠤᠳᠴᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨ ᠬᠦ | ᠳᠡᠭᠡᠭᠰᠢᠯᠡᠭᠦᠯᠪᠡ᠃ | ᠭᠤᠤ ᠢ ᠳ᠋ᠦᠩ᠂ ᠬᠠᠨᠲᠠᠶ ᠪᠠᠯᠭᠠᠰᠤ᠂ ᠦᠨᠳᠦᠰᠦᠲᠡᠨ ᠤ ᠵᠡᠭᠡᠯᠢ ᠭᠤᠳᠤᠮᠵᠢ᠂ ᠳ᠋ᠦᠩᠱᠧᠩ ᠲᠣᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠬᠦ ᠥᠷᠲᠡᠭᠡ ᠵᠡᠷᠭᠡ ᠭᠠᠵᠠᠷ ᠲᠤ ᠬᠦᠨᠵᠡᠭᠡᠶᠢᠷᠡᠨ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠳᠤᠷ᠎ᠠ ᠪᠠᠷ ᠠᠵᠢᠯᠯᠠᠭ᠎ᠠ ᠶᠢ ᠴᠡᠭᠴᠡᠯᠡᠬᠦ︾ | ᠠᠵᠢᠯ᠂ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ | ᠠᠬᠢᠴᠠ ᠶᠢᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠴᠡᠭᠴᠡᠯᠡᠨ ᠰᠠᠶᠢᠵᠢᠷᠠᠭᠤᠯᠵᠤ ᠠᠬᠢᠭᠤᠯᠬᠤ ᠠᠷᠭ᠎ᠠ ᠬᠡᠮᠵᠢᠶ᠎ᠡ ᠶᠢ ᠠᠬᠤᠢ ᠲᠠᠯᠠᠪᠠᠶ ᠳᠤ | ᠰᠤᠳᠤᠯᠪᠠ᠃ ᠲᠡᠷᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠤᠢ ᠰᠢᠭᠤᠢ ᠨᠤᠲᠤᠭ | ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠬᠠᠷᠢᠭᠤᠴᠠᠯᠭ᠎ᠠ ᠶᠢ ᠡᠷᠡᠰ ᠡᠬᠦᠷᠭᠡᠯᠡᠨ᠂ ᠭᠤᠣᠯ ᠮᠥᠷᠡᠨ ᠤ ᠳᠠᠷᠤᠭ᠎ᠠ ᠶᠢᠨ ᠲᠦᠷᠢᠮ᠂ ᠤᠢ ᠰᠢᠭᠤᠢ ᠶᠢᠨ | ᠳᠠᠷᠤᠭ᠎ᠠ ᠶᠢᠨ ᠲᠦᠷᠢᠮ ᠢ ᠨᠠᠷᠢᠯᠢᠭ ᠨᠠᠶᠢᠳᠠᠪᠤᠷᠢᠵᠢᠭᠤᠯᠵᠤ᠂ ᠤᠢ ᠰᠢᠭᠤᠢ ᠭᠤᠣᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠢ ᠭᠦᠨᠵᠡᠭᠡᠢ ᠦᠷᠨᠢᠬᠦᠯᠦᠨ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠂ ᠠᠵᠢᠯ ᠤᠨ ᠬᠤᠭᠤᠴᠠᠭ᠎ᠠ ᠶᠢ ᠲᠤᠩᠭᠤᠷᠠᠭᠤᠯᠤᠨ | ᠪᠠᠶᠢᠷᠢᠯᠠᠭᠤᠯᠵᠤ᠂ ᠵᠢᠷᠤᠭ ᠳᠦᠰᠦᠯ ᠭᠠᠷᠭᠠᠨ ᠠᠵᠢᠯ ᠢᠶᠠᠨ ᠰᠠᠶᠢᠳᠤᠷ ᠬᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ | ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠴᠣᠬᠢᠯᠲᠠ ᠥᠭᠬᠦ ᠡᠷᠴᠢᠮ ᠢ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ | ᠰᠠᠯᠠᠭ᠎ᠠ ᠮᠥᠴᠢᠷ ᠤᠨ ᠵᠣᠯᠭᠠᠯᠴᠠᠭ᠎ᠠ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ | ᠣᠪᠣᠭᠠᠯᠠᠬᠤ᠂ ᠳᠤᠷ᠎ᠠ ᠪᠠᠷ ᠢᠶᠠᠨ ᠪᠦᠳᠦᠬᠡᠨ ᠪᠠᠶᠢᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠠᠵᠢᠯ ᠤᠨ | ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ | ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠢᠭᠡ ᠠᠴᠠ ᠵᠤᠶᠢᠴᠢᠯᠡᠨ ᠨᠦᠬᠦᠭᠡ ᠶᠢ ᠮᠡᠳᠡᠵᠦ᠂ ᠲᠦᠷᠢᠮ ᠤᠨ ᠪᠠᠶᠢᠭᠤᠯᠤᠯᠲᠠ ᠶᠢ | ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ | ᠪᠠᠶᠢᠩᠭᠤᠵᠢᠭᠤᠯᠬᠤ᠂ ᠳᠦᠷᠢᠮᠵᠢᠭᠦᠯᠬᠦ᠂ ᠵᠢᠷᠤᠮᠵᠢᠭᠤᠯᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠤᠯᠠᠨ ᠲᠦᠮᠡᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠬᠦᠯᠦᠨ᠂ ᠪᠦᠬᠦ ᠨᠡᠶᠢᠭᠡᠮ ᠢᠶᠠᠷ ᠢᠶᠠᠨ ᠠᠮᠢ ᠠᠬᠤᠢ ᠶᠢᠨ | ᠬᠠᠮᠠᠭᠠᠯᠠᠯᠲᠠ ᠳᠤ ᠬᠠᠮᠳᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃ | ᠴᠢᠨ ᠤ ᠴᠢᠬᠡ ᠵᠠᠮ ᠤᠨ ᠪᠠᠭᠤᠷᠢ ᠶᠢᠨ ᠬᠠᠮᠠᠭᠠᠯᠠᠯᠲᠠ ᠶᠢᠨ ᠠᠬᠤᠢ ᠲᠠᠯᠠᠪᠠᠢ ᠳᠤ᠂ ᠭᠤᠤ ᠢ ᠳ᠋ᠦᠩ ᠡᠷᠲᠡᠨ ᠤ ᠪᠠᠭᠤᠷᠢ ᠶᠢᠨ ᠬᠠᠮᠠᠭᠠᠯᠠᠯᠲᠠ ᠶᠢᠨ ᠣᠳᠣᠬᠢ | ᠪᠠᠶᠢᠳᠠᠯ ᠢ ᠪᠠᠶᠢᠴᠠᠭᠠᠨ ᠦᠵᠡᠵᠦ᠂ ᠢᠯᠡᠳᠬᠡᠮᠵᠢ ᠲᠡᠮᠳᠡᠭ ᠤᠨ ᠪᠠᠶᠢᠷᠢᠯᠠᠭᠤᠯᠤᠯᠲᠠ᠂ ᠲᠣᠭᠤᠷᠢᠨ ᠬᠠᠮᠠᠭᠠᠯᠠᠬᠤ ᠬᠢᠨᠠᠯᠲᠠ ᠬᠠᠮᠢᠶᠠᠷᠤᠯᠲᠠ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠲᠥᠬᠦᠭᠡᠷᠦᠮᠵᠢ ᠶᠢᠨ ᠠᠵᠢᠯᠯᠠᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠰᠣᠶᠣᠯ ᠤᠨ ᠥᠪ ᠢ ᠬᠠᠮᠠᠭᠠᠯᠠᠬᠤ ᠶᠢ ᠴᠢᠩᠭᠠᠳᠬᠠᠵᠤ᠂ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ︽ᠲᠦᠷᠪᠡ ᠶᠢ ᠪᠦᠷᠢᠳᠦᠭᠦᠯᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠷᠢᠶ᠎ᠠ ᠣᠷᠣᠨ᠂ | ᠰᠠᠯᠠᠭ᠎ᠠ ᠮᠥᠴᠢᠷ᠂ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠳᠦᠷ ᠲᠤᠳᠤᠮ ᠤᠨ ᠬᠢᠨᠠᠨ ᠬᠡᠮᠵᠢᠬᠦ᠂ | ᠲᠣᠭᠤᠷᠢᠨ ᠪᠠᠶᠢᠴᠠᠭᠠᠬᠤ ᠪᠠ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠬᠢᠨᠠᠨ ᠬᠠᠮᠢᠶᠠᠷᠴᠤ | ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ | ᠬᠡᠷᠡᠭᠲᠡᠢ ᠭᠡᠪᠡ᠃ | ᠪᠤᠷᠵᠠᠩ ᠨᠠᠭᠤᠷ ᠪᠠᠯᠭᠠᠰᠤᠨ ᠳᠤ᠂ ᠭᠤᠤ ᠢ ᠳ᠋ᠦᠩ ᠤᠨᠴᠠᠯᠢᠬᠳᠤ ᠲᠠᠷᠢᠶᠠᠯᠠᠩ ᠤᠨ ᠲᠦᠷᠦᠯ ᠵᠦᠢᠯ ᠢ ᠠᠬᠤᠢ ᠳᠠᠯᠠᠪᠠᠢ ᠳᠤᠨᠢ ᠪᠠᠶᠢᠴᠠᠭᠠᠨ ᠦᠵᠡᠭᠰᠡᠨ | ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠠᠷᠢᠨ ᠨᠢᠭᠲᠠ ᠶᠠᠷᠢᠯᠴᠠᠵᠤ᠂ ᠺᠣᠮᠫᠠᠨᠢ ᠶᠢᠨ ᠡᠵᠡᠩᠨᠡᠯᠲᠡ ᠪᠣᠯᠤᠨ ᠬᠥᠭᠵᠢᠯᠲᠡ᠂ ᠮᠠᠯᠴᠢᠨ ᠲᠠᠷᠢᠶᠠᠴᠢᠨ ᠤ | ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠵᠢᠴᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠰᠢᠨ᠎ᠡ | ᠴᠠᠭ ᠦᠶ᠎ᠡ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠦᠨᠡᠨ ᠬᠦ ᠰᠠᠶᠢᠲᠤᠷ ᠬᠢᠵᠦ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠠᠷᠠᠯᠲᠠ ᠶᠢ ᠲᠤᠭᠳᠠᠭᠠᠨ᠂ ᠢᠯᠡ ᠲᠣᠳᠣ ᠤᠨᠴᠠᠯᠢᠭᠳᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ | ᠪᠤᠵᠠᠭᠠᠶᠢᠷᠠᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠰᠦᠪᠡᠭᠴᠢᠯᠡᠨ ᠪᠣᠳᠠᠲᠠᠢ ᠲᠥᠯᠥᠪᠵᠢᠭᠦᠯᠵᠦ᠂ ᠡᠯ᠎ᠡ ᠲᠦᠷᠦᠯ ᠤᠨ | ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠤᠯᠠᠨ ᠲᠦᠷᠦᠯ ᠤᠨ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ ᠶᠢ ᠵᠣᠷᠢᠭᠵᠢᠭᠤᠯᠤᠨ ᠳᠡᠮᠵᠢᠵᠦ᠂ | ᠮᠠᠯᠴᠢᠨ ᠲᠠᠷᠢᠶᠠᠴᠢᠨ ᠪᠣᠯᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ | ᠲᠡᠭᠦᠯᠳᠡᠷᠵᠢᠭᠦᠯᠵᠦ᠂ ᠨᠡᠩ ᠤᠯᠠᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠬᠦᠯᠬᠦ ᠶᠢ ᠳᠠᠶᠢᠴᠢᠯᠠᠬᠤ ᠬᠡᠷᠡᠭᠲᠡᠢ ᠭᠡᠪᠡ᠃ | ᠲᠣᠭᠤᠷᠢᠭ ᠤᠨ ᠤᠳᠤᠷᠢᠳᠤᠯᠭ᠎ᠠ ᠳ᠋ᠦ᠋ ᠵᠢᠤᠸᠠᠨ᠂ ᠳ᠋ᠦ᠋ ᠵᠢᠢ ᠺᠤᠸᠠᠨ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | |