ᠬᠠᠨᠳᠠᠢ ᠪᠠᠯᠭᠠᠰᠤᠨ ᠤ ᠶᠦᠩ ᠱᠧᠩ ᠲᠣᠰᠬᠤᠨ᠄ ︽ᠰᠤᠷᠤᠯᠴᠠᠯᠭ᠎ᠠ ᠶᠢ ᠬᠡᠷ ᠲᠤᠨᠢ ᠬᠦᠷᠬᠡᠨ︾ ᠨᠠᠮ ᠤᠨ ᠳᠠᠭᠤᠨ ᠢ ᠤᠯᠠᠮᠵᠢᠯᠠᠵᠤ᠂ ᠨᠠᠮ ᠤᠨ ᠭᠡᠰᠢᠭᠦᠨ ᠤ ᠬᠥᠮᠦᠵᠢᠯ ᠤᠨ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2025/4/9
     ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 8 ᠤ ᠡᠳᠦᠷ᠂ ᠶᠦᠩ ᠱᠧᠩ ᠲᠣᠰᠬᠤᠨ ᠤ ︽ᠬᠤᠶᠠᠷ ᠵᠥᠪᠯᠡᠯ︾ ᠲᠣᠰᠬᠤᠨ ᠤ ᠠᠷᠠᠳ ᠤᠨ ᠨᠠᠮ ᠤᠨ ᠭᠡᠰᠢᠭᠦᠨ ᠤ ᠬᠡᠷ ᠲᠤ ᠭᠦᠨᠵᠡᠭᠡᠶᠢᠷᠡᠵᠦ᠂ ᠠᠬᠠᠮᠠᠳ ᠨᠠᠮ ᠤᠨ ᠭᠡᠰᠢᠭᠦᠳ ᠲᠠᠢ ᠬᠠᠮᠲᠤ ᠪᠠᠷ ︽ᠲᠥᠪ ᠬᠤᠷᠢᠶᠠᠨ ᠤ ᠨᠠᠢᠮᠠᠨ ᠲᠣᠭᠲᠠᠭᠠᠯ︾ ᠵᠢᠴᠢ ︽ᠲᠥᠪ ᠬᠤᠷᠢᠶᠠᠨ ᠤ ᠨᠠᠢᠮᠠᠨ ᠲᠣᠭᠲᠠᠭᠠᠯ ᠢ ᠬᠡᠷᠡᠭᠵᠢᠭᠦᠯᠬᠦ ᠨᠠᠷᠢᠨ ᠲᠦᠷᠢᠮ︾ ᠢ ᠭᠦᠨᠵᠡᠭᠡᠶ ᠰᠤᠷᠤᠯᠴᠠᠵᠤ᠂ ᠠᠬᠠᠮᠠᠳ ᠨᠠᠮ ᠤᠨ ᠭᠡᠰᠢᠭᠦᠳ ᠭᠡᠷ ᠠᠴᠠ ᠪᠠᠨ ᠭᠠᠷᠬᠤ ᠦᠭᠡᠢ ᠴᠦ ᠭᠡᠰᠡᠨ ᠰᠤᠷᠤᠯᠴᠠᠵᠤ ᠳᠡᠶᠢᠯᠬᠦ ᠪᠤᠯᠪᠠ᠃     ᠰᠤᠷᠤᠯᠴᠠᠯᠭ᠎ᠠ ᠶᠢᠨ ᠳᠤᠮᠳᠠ᠂ ᠶᠦᠩ ᠱᠧᠩ ᠲᠣᠰᠬᠤᠨ ᠤ ᠨᠠᠮ ᠤᠨ ᠡᠭᠦᠷ ᠤᠨ ᠳᠡᠳ᠋ ᠱᠦᠵᠢ ᠵᠠᠩ ᠴᠢᠨ ᠠᠬᠠᠮᠠᠳ ᠨᠠᠮ ᠤᠨ ᠭᠡᠰᠢᠭᠦᠨ ᠢ ᠳᠠᠭᠠᠭᠤᠯᠤᠨ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠵᠢᠴᠢ ᠡᠯ᠎ᠡ ᠱᠠᠲᠤᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠭᠰᠠᠨ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠭᠰᠠᠨ ᠪᠥᠭᠡᠳ ᠠᠬᠠᠮᠠᠳ ᠨᠠᠮ ᠤᠨ ᠭᠡᠰᠢᠭᠦᠨ ᠲᠠᠢ ᠬᠠᠮᠲᠤ ᠪᠠᠷ ᠰᠤᠷᠤᠯᠴᠠᠭᠰᠠᠨ ᠣᠯᠤᠯᠲᠠ ᠲᠦᠷᠦᠭᠳᠡᠯ ᠢᠶᠠᠨ ᠰᠣᠯᠢᠯᠴᠠᠵᠤ᠂ ᠬᠠᠮᠳᠤ ᠶᠢᠨ ᠦᠵᠡᠯ ᠰᠠᠨᠠᠭᠠᠨ ᠤ ᠳᠡᠭᠡᠭᠰᠢᠯᠡᠯᠲᠡ ᠶᠢ ᠠᠬᠢᠭᠤᠯᠪᠠ᠃ ᠡᠭᠦᠨ ᠤ ᠬᠠᠮᠲᠤ ᠠᠬᠠᠮᠠᠳ ᠨᠠᠮ ᠤᠨ ᠭᠡᠰᠢᠭᠦᠨ ᠲᠦᠷᠦᠭᠦᠯᠡᠨ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠭᠠᠷᠮᠠᠭᠠᠢ ᠰᠤᠷᠲᠠᠯ ᠪᠠ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠪᠠᠷ ᠬᠠᠷᠢᠶ᠎ᠠ ᠣᠷᠣᠨ ᠤ ᠤᠯᠠᠨ ᠲᠦᠮᠡᠨ ᠳᠤ ᠨᠡᠩ ᠰᠢᠯᠢᠳᠡᠭ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠤᠷᠢᠶᠠᠯᠠᠪᠠ᠃     ᠳᠠᠷᠠᠭᠠᠴᠢ ᠶᠢᠨ ᠠᠯᠬᠤᠮ ᠳᠤ᠂ ᠶᠦᠩ ᠱᠧᠩ ᠲᠣᠰᠬᠤᠨ ᠦᠷᠭᠦᠯᠵᠢᠯᠡᠨ ︽ᠰᠤᠷᠲᠠᠯ ᠤᠨ ᠪᠠᠶᠢᠭᠤᠯᠤᠯᠲᠠ ᠡᠭᠦᠷᠢᠳᠡ ᠵᠤᠬᠰᠤᠰᠢ ᠦᠭᠡᠢ ᠶᠠᠪᠤᠭᠳᠠᠬᠤ︾ ᠬᠠᠳᠠᠨ ᠵᠣᠷᠢᠭ ᠢᠶᠠᠷ ᠰᠤᠷᠤᠯᠴᠠᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠥᠪ ᠭᠤᠣᠯᠴᠢ ᠠᠷᠢᠭᠤᠨ ᠴᠢᠬᠡᠴᠢ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠠᠷᠠᠳ ᠤᠨ ᠰᠡᠳᠬᠢᠯ ᠢ ᠨᠢᠭᠲᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ