︽ᠳᠤᠮᠳᠠᠳᠤ ᠶᠢᠨ ᠵᠡᠭᠦᠳᠦ ·  ᠬᠦᠳᠡᠯᠮᠦᠷᠢᠯᠡᠬᠦ ᠰᠠᠶᠢᠬᠠᠨ︾ ᠲᠠᠪᠤᠨ ᠰᠠᠷ᠎ᠠ ᠶᠢᠨ ᠨᠢᠬᠡᠨ ᠤ ᠰᠢᠷᠢᠰ ᠠᠵᠢᠯᠯᠠᠭ᠎ᠠ ᠶᠢᠨ ᠪᠦᠬᠦ ᠲᠤᠭᠤᠷᠢᠭ ᠤᠨ ᠠᠵᠢᠯᠲᠠᠨ ᠠᠵᠢᠯᠴᠢᠨ ᠤ ᠫᠢᠩᠫᠠᠩ ᠪᠥᠮᠪᠦᠭᠡ᠂ ᠵᠢᠭᠠᠰᠤ ᠭᠥᠬᠢᠳᠡᠬᠦ ᠤᠷᠤᠯᠳᠤᠭᠠᠨ ᠨᠢ ᠬᠠᠯᠠᠭᠤᠨ ᠨᠠᠷᠬᠢᠶᠠᠨ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2025/5/11
     5 ᠰᠠᠷ᠎ᠠ ᠶᠢᠨ 10 ᠤ ᠡᠳᠦᠷ᠂ ︽ᠳᠤᠮᠳᠠᠳᠤ ᠶᠢᠨ ᠵᠡᠭᠦᠳᠦ ·  ᠬᠦᠳᠡᠯᠮᠦᠷᠢᠯᠡᠬᠦ ᠰᠠᠶᠢᠬᠠᠨ︾ ᠲᠠᠪᠤᠨ ᠰᠠᠷ᠎ᠠ ᠶᠢᠨ ᠨᠢᠬᠡᠨ ᠤ ᠰᠢᠷᠢᠰ ᠠᠵᠢᠯᠯᠠᠭ᠎ᠠ ᠶᠢᠨ ᠪᠦᠬᠦ ᠲᠤᠭᠤᠷᠢᠭ ᠤᠨ ᠠᠵᠢᠯᠲᠠᠨ ᠠᠵᠢᠯᠴᠢᠨ ᠤ ᠫᠢᠩᠫᠠᠩ ᠪᠥᠮᠪᠦᠭᠡ᠂ ᠵᠢᠭᠠᠰᠤ ᠭᠥᠬᠢᠳᠡᠬᠦ ᠤᠷᠤᠯᠳᠤᠭᠠᠨ ᠨᠢ ᠬᠠᠯᠠᠭᠤᠨ ᠨᠠᠷᠬᠢᠶᠠᠨ ᠲᠠᠢ ᠶᠠᠪᠤᠭᠳᠠᠵᠤ᠂ ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ 160 ᠭᠠᠷᠤᠢ ᠠᠵᠢᠯᠲᠠᠨ ᠠᠵᠢᠯᠴᠢᠨ ᠤ ᠠᠩᠬᠠᠷᠤᠯ ᠢ ᠲᠠᠳᠠᠵᠤ ᠢᠳᠡᠪᠬᠢᠳᠠᠢ ᠪᠠᠷ ᠤᠷᠤᠯᠴᠠᠵᠠᠢ᠃ ᠫᠢᠩᠫᠠᠩ ᠪᠥᠮᠪᠦᠭᠡ ᠶᠢᠨ ᠤᠷᠤᠯᠳᠤᠭᠠᠨ ᠤ ᠠᠬᠤᠢ ᠲᠠᠯᠠᠪᠠᠢ ᠳᠤ᠂ ᠲᠠᠮᠢᠷᠴᠢᠳ ᠬᠤᠷᠴᠠ ᠰᠢᠷᠦᠭᠦᠨ ᠥᠷᠢᠰᠦᠯᠳᠦᠵᠦ᠂ ᠤᠷᠤᠯᠳᠤᠭᠠᠨ ᠳᠤ ᠬᠤᠯᠢᠮᠠᠭ ᠪᠦᠯᠬᠦᠮ᠂ ᠬᠤᠯᠢᠮᠠᠭ ᠬᠤᠣᠰᠯᠠᠨ ᠴᠣᠬᠢᠬᠤ ᠤᠷᠤᠯᠳᠤᠭᠠᠨ ᠤ ᠲᠦᠷᠦᠯ ᠢ ᠲᠣᠬᠢᠷᠠᠭᠤᠯᠵᠤ᠂ ᠨᠡᠶᠢᠲᠡ 24 ᠲᠥᠯᠥᠭᠡᠯᠡᠭᠴᠢᠳ ᠤᠨ ᠠᠩᠭᠢ᠂ 104 ᠲᠠᠮᠢᠷᠴᠢᠨ ᠤᠷᠤᠯᠳᠤᠭᠠᠨ ᠳᠤ ᠣᠷᠣᠯᠴᠠᠪᠠ᠃ ᠡᠭᠦᠨ ᠤ ᠬᠠᠮᠳᠤ᠂ 60 ᠵᠢᠭᠠᠰᠤ ᠭᠥᠬᠢᠳᠡᠬᠦ ᠳᠤᠷᠠᠲᠠᠢ ᠬᠦᠮᠦᠰ ᠬᠤᠲᠠ ᠶᠢᠨ ᠡᠮᠦᠨᠡᠬᠢ ᠵᠢᠭᠠᠰᠤ ᠭᠥᠬᠢᠳᠡᠬᠦ ᠬᠦᠷᠢᠶᠡᠯᠡᠩ ᠳᠤ ᠴᠤᠭᠯᠠᠷᠠᠨ᠂ ᠵᠢᠭᠠᠰᠤ ᠭᠥᠬᠢᠳᠡᠬᠦ ᠤᠷᠤᠯᠳᠤᠭᠠᠨ ᠳᠤ ᠣᠷᠣᠯᠴᠠᠪᠠ᠃ ᠤᠷᠤᠯᠳᠤᠭᠠᠨ ᠨᠢ ᠦᠳᠡ ᠶᠢᠨ ᠡᠮᠦᠨ᠎ᠡ ᠦᠳᠡ ᠶᠢᠨ ᠬᠤᠶᠢᠨ᠎ᠠ ᠬᠤᠶᠠᠷ ᠲᠠᠯᠠᠪᠤᠷ ᠬᠤᠪᠢᠶᠠᠵᠤ᠂ ᠬᠠᠮᠤᠭ ᠡᠴᠦᠰ ᠲᠤ ᠶᠡᠷᠦᠩᠬᠡᠢ ᠬᠦᠨᠳᠦ ᠶᠢᠨ ᠬᠡᠮᠵᠢᠶ᠎ᠡ ᠪᠠᠷ ᠢᠯᠠᠯᠲᠠ ᠶᠢ ᠲᠤᠭᠳᠠᠭᠠᠬᠤ ᠪᠤᠯᠤᠨ᠎ᠠ᠃
 
    
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ