ᠪᠤᠯᠪᠠᠰᠤᠨ ᠤ ᠦᠢᠯᠡᠳᠤᠯᠬᠡ ᠶᠢᠨ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2025/5/13
      5 ᠰᠠᠷ᠎ᠠ ᠶᠢᠨ 11 ᠤ ᠡᠳᠦᠷ᠂ ︽ᠪᠢ ᠪᠣᠯᠪᠠᠰᠤᠨ ᠤ ᠦᠢᠯᠡᠳᠦᠯᠭᠡ ᠶᠢ ᠰᠤᠷᠳᠠᠯᠴᠢᠯᠠᠨ᠎ᠠ︾ ᠭᠤᠣᠯ ᠰᠡᠳᠦᠪᠲᠦ ᠠᠵᠢᠯᠯᠠᠭ᠎ᠠ ᠣᠷᠳᠣᠰ ᠤᠨ ᠬᠦᠷᠡᠯ ᠰᠣᠶᠣᠯ ᠤᠨ ᠠᠭᠤᠳᠠᠮ ᠲᠠᠯᠠᠪᠠᠢ ᠳᠤ ᠵᠢᠩᠬᠢᠨᠢ ᠪᠠᠷ ᠡᠬᠢᠯᠡᠪᠡ᠃ ᠲᠤᠬᠠᠢ ᠶᠢᠨ ᠲᠠᠯᠠᠪᠠᠢ ᠳᠤ ᠠᠷᠪᠠᠨ ᠠᠵᠢᠯ ᠲᠦᠷᠦᠯ ᠤᠨ ᠬᠦᠷᠢᠶᠡᠨ ᠤ ᠪᠣᠯᠪᠠᠰᠤᠨ ᠤ ᠦᠢᠯᠡᠳᠦᠯᠭᠡ ᠶᠢᠨ ᠰᠤᠷᠳᠠᠯᠴᠢᠯᠠᠭᠴᠢ ᠳᠤ ᠫᠠᠶᠢᠰᠠ ᠣᠯᠭᠤᠭᠰᠠᠨ ᠪᠥᠭᠡᠳ ᠲᠡᠳᠡᠨ ᠤ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠪᠣᠯᠪᠠᠰᠤᠨ ᠢ ᠬᠥᠲᠥᠯᠥᠨ ᠳᠠᠭᠠᠭᠤᠯᠤᠭᠰᠠᠨ᠂ ᠪᠣᠯᠪᠠᠰᠤᠨ ᠢ ᠦᠢᠯᠡᠳᠦᠯᠭᠡᠵᠢᠭᠦᠯᠦᠭᠰᠡᠨ᠂ ᠪᠣᠯᠪᠠᠰᠤᠨ ᠢ ᠲᠠᠶᠢᠯᠪᠤᠷᠢᠯᠠᠭᠰᠠᠨ᠂ ᠪᠣᠯᠪᠠᠰᠤᠨ ᠢ ᠤᠯᠠᠮᠵᠢᠯᠠᠭᠰᠠᠨ ᠦᠯᠢᠭᠡᠷ ᠪᠠ ᠣᠯᠣᠯᠲᠠ ᠲᠥᠷᠥᠭᠳᠡᠯ ᠢᠶᠠᠨ ᠬᠤᠪᠢᠶᠠᠯᠴᠠᠵᠤ᠂ ᠬᠤᠳᠠ ᠶᠢᠨ ᠠᠷᠠᠳ ᠢ ᠪᠣᠯᠪᠠᠰᠤᠨ ᠢ ᠦᠢᠯᠡᠳᠦᠯᠭᠡᠵᠢᠭᠦᠯᠵᠦ᠂ ᠪᠣᠯᠪᠠᠰᠤᠨ ᠶᠤᠰᠤᠷᠬᠠᠭ ᠳ᠋ᠦᠩᠱᠧᠩ ᠤᠨ ᠬᠦᠮᠦᠨ ᠪᠣᠯᠬᠤ ᠶᠢ ᠤᠷᠢᠶᠠᠯᠠᠪᠠ᠃

微信图片_20250512090830.jpg

      ︽ᠳ᠋ᠦᠩᠱᠧᠩ ᠲᠣᠭᠤᠷᠢᠭ ᠤᠨ ᠪᠣᠯᠪᠠᠰᠤᠨ ᠤ ᠦᠢᠯᠡᠳᠦᠯᠭᠡ ᠶᠢᠨ ᠰᠤᠷᠳᠠᠯᠴᠢᠯᠠᠭᠴᠢ ᠪᠣᠯᠤᠭᠰᠠᠨ ᠳᠠᠭᠠᠨ

ᠮᠠᠰᠢ ᠠᠵᠠᠲᠠᠢ ᠪᠠᠶᠢᠨ᠎ᠠ︕ ᠰᠤᠷᠭᠠᠨ ᠬᠥᠮᠦᠵᠢᠯ ᠪᠣᠯ ᠪᠣᠯᠪᠠᠰᠤᠨ ᠤ ᠦᠢᠯᠡᠰ ᠢ ᠪᠤᠶᠢᠵᠢᠭᠤᠯᠵᠤ᠂ ᠠᠵᠢᠯ

ᠲᠦᠷᠦᠯ ᠤᠨ ᠬᠤᠪᠢ ᠪᠠᠷ ᠪᠣᠯᠪᠠᠰᠤᠨ ᠤ ᠣᠶᠢᠯᠠᠭᠠᠭᠳᠠᠬᠤᠨ ᠢ ᠳᠠᠮᠵᠢᠭᠤᠯᠵᠤ᠂ ᠨᠡᠩ ᠤᠯᠠᠨ ᠬᠥᠮᠥᠨ ᠢ ᠳᠠᠶᠢᠴᠢᠯᠠᠨ

ᠪᠣᠯᠪᠠᠰᠤᠨ ᠢ ᠦᠢᠯᠡᠳᠦᠯᠭᠡᠵᠢᠭᠦᠯᠬᠦ ᠪᠣᠯ ᠬᠠᠷᠢᠭᠤᠴᠠᠯᠭ᠎ᠠ ᠮᠥᠨ ᠪᠥᠭᠡᠳ ᠬᠥᠳᠡᠯᠭᠡᠬᠦ ᠬᠦᠴᠦᠨ ᠮᠥᠨ᠃ ᠡᠯ᠎ᠡ

ᠠᠵᠢᠯ ᠲᠦᠷᠦᠯ ᠤᠨ ᠬᠢᠨ ᠲᠠᠢ ᠭᠠᠷ ᠬᠤᠯᠪᠤᠯᠴᠠᠨ᠂ ᠦᠢᠯᠡ ᠠᠵᠢᠯᠯᠠᠭ᠎ᠠ ᠪᠠᠷ ᠢᠶᠠᠨ ᠨᠡᠩ ᠤᠯᠠᠨ ᠬᠥᠮᠥᠨ ᠢ

ᠳᠠᠶᠢᠴᠢᠯᠠᠵᠤ᠂ ᠪᠣᠯᠪᠠᠰᠤᠨ ᠢ ᠳ᠋ᠦᠩᠱᠧᠩ ᠤᠨ ᠬᠠᠮᠤᠭ ᠤᠨ ᠬᠠᠯᠠᠭᠤᠨ ᠳᠣᠲᠣᠨᠣ ᠨᠡᠷ᠎ᠡ ᠶᠢᠨ ᠬᠠᠭᠤᠳᠠᠰᠤ

ᠪᠣᠯᠭᠠᠬᠤ ᠶᠢ ᠬᠦᠰᠡᠵᠦ ᠪᠠᠶᠢᠨ᠎ᠠ︾᠃ 

                               — ᠪᠣᠯᠪᠠᠰᠤᠨ ᠤ ᠦᠢᠯᠡᠳᠦᠯᠭᠡ ᠶᠢᠨ ᠰᠤᠷᠳᠠᠯᠴᠢᠯᠠᠭᠴᠢ ᠴᠢ ᠮᠧᠩ

      ᠠᠵᠢᠯᠯᠠᠭᠠᠨ ᠤ ᠲᠠᠯᠠᠪᠤᠷ ᠲᠤ ᠪᠠᠰᠠ ᠡᠯᠪᠡᠭ ᠪᠠᠶᠠᠯᠢᠭ ᠣᠯᠠᠨ ᠶᠠᠩᠵᠤ ᠶᠢᠨ ᠪᠡᠶᠡᠴᠢᠯᠡᠨ ᠣᠶᠢᠯᠠᠭᠠᠬᠤ

ᠳᠤᠭᠤᠷᠢᠭ ᠭᠠᠷᠭᠠᠪᠠ᠃ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠴᠤᠭᠯᠠᠭ᠎ᠠ ᠮᠠᠶᠢᠮᠠᠢ ᠳᠤ᠂ ᠡᠯ᠎ᠡ

ᠨᠢᠭᠡᠴᠡ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠲᠦᠷᠦ ᠶᠢᠨ ᠪᠣᠳᠣᠯᠭ᠎ᠠ ᠶᠢᠨ ᠯᠠᠪᠯᠠᠯᠭ᠎ᠠ᠂ ᠠᠯᠪᠠᠨ

ᠵᠢᠷᠤᠮ ᠤᠨ ᠡᠮᠴᠢᠯᠡᠭᠡ ᠠᠯᠪᠠᠨ ᠵᠢᠷᠤᠮ ᠤᠨ ᠦᠰᠦ ᠵᠠᠰᠠᠬᠤ ᠵᠡᠷᠭᠡ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ

ᠬᠠᠩᠭᠠᠪᠠ︔ ᠪᠤᠳᠠᠰ ᠤᠨ ᠪᠤᠰᠤ ᠰᠣᠶᠣᠯ ᠤᠨ ᠥᠪ ᠤᠨ ᠰᠤᠯᠢᠯᠴᠠᠭ᠎ᠠ ᠵᠢᠴᠢ ᠰᠣᠶᠣᠯ ᠤᠨ ᠡᠭᠦᠳᠦᠯᠲᠡ ᠶᠢᠨ

ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ᠂ ᠴᠠᠭᠠᠰᠤᠨ ᠬᠠᠶᠢᠴᠢᠯᠠᠮᠠᠯ᠂ ᠭᠤᠯᠢᠷ ᠱᠤᠭᠤᠮᠠᠯ ᠵᠡᠷᠭᠡ ᠪᠤᠳᠠᠰ

 ᠤᠨ ᠪᠤᠰᠤ ᠰᠣᠶᠣᠯ ᠤᠨ ᠥᠪ ᠤᠨ ᠤᠷᠠᠯᠠᠯ ᠮᠡᠷᠭᠡᠵᠢᠯ ᠤᠨ ᠤᠯᠠᠮᠵᠢᠯᠠᠭᠴᠢ ᠶᠢᠨ ᠵᠣᠬᠢᠶᠠᠨ ᠪᠦᠲᠦᠭᠡᠯᠭᠡ ᠶᠢᠨ

ᠶᠠᠪᠤᠴᠠ ᠶᠢ ᠲᠤᠬᠠᠢ ᠶᠢᠨ ᠲᠠᠯᠠᠪᠠᠢ ᠳᠤ ᠳᠡᠯᠭᠡᠨ ᠦᠵᠡᠭᠦᠯᠵᠦ᠂ ᠨᠠᠷᠢᠯᠢᠭ ᠰᠠᠶᠢᠬᠠᠨ ᠰᠣᠶᠣᠯ ᠤᠨ ᠡᠭᠦᠳᠦᠯᠲᠡ ᠶᠢᠨ

ᠪᠦᠲᠦᠭᠡᠭᠳᠡᠬᠦᠨ ᠨᠢ ᠮᠠᠰᠢ ᠤᠯᠠᠨ ᠬᠤᠳᠠ ᠶᠢᠨ ᠠᠷᠠᠳ ᠤᠨ ᠪᠠᠭ᠋ᠠᠷᠬᠠᠯ ᠢ ᠲᠠᠲᠠᠪᠠ︔ ᠢ ᠮᠧᠩ ᠲᠦᠷᠦᠯ

ᠲᠡᠮᠳᠡᠭ ᠤᠨ IP ᠦᠵᠡᠭᠦᠯᠦᠯᠭᠡ ᠶᠢᠨ ᠲᠣᠭᠤᠷᠢᠭ ᠲᠤ ᠲᠤᠰ ᠨᠤᠲᠤᠭ ᠤᠨ ᠣᠨᠴᠠᠯᠢᠭ ᠲᠠᠢ IP ᠳᠦᠷᠢ ᠲᠥᠷᠬᠦ

ᠵᠢᠴᠢ ᠡᠷᠬᠢᠨ ᠲᠣᠭᠤᠷᠢᠨ ᠤ ᠪᠦᠲᠦᠭᠡᠭᠳᠡᠬᠦᠨ ᠢᠶᠠᠨ ᠳᠡᠯᠭᠡᠨ ᠦᠵᠡᠭᠦᠯᠵᠡᠢ᠃ ᠡᠭᠦᠨ ᠠᠴᠠ ᠭᠠᠳᠠᠨ᠎ᠠ᠂ ᠪᠣᠯᠪᠠᠰᠤᠨ

ᠵᠠᠮ ᠬᠠᠷᠢᠯᠴᠠᠭ᠎ᠠ ᠪᠠ ᠪᠣᠯᠪᠠᠰᠤᠨ ᠢᠶᠠᠷ ᠳᠡᠵᠢᠬᠡᠪᠤᠷᠢ ᠲᠡᠵᠢᠭᠡᠬᠦ ᠵᠡᠷᠭᠡ ᠵᠢᠷᠭᠤᠭᠠᠨ ᠶᠡᠭᠡ ᠭᠤᠣᠯ ᠰᠡᠳᠦᠪᠲᠦ

ᠬᠠᠷᠢᠯᠴᠠᠨ ᠰᠤᠯᠢᠯᠴᠠᠬᠤ ᠲᠣᠭᠯᠠᠭᠠᠮ ᠪᠠ ᠣᠷᠳᠣ ᠬᠠᠭᠤᠳᠠᠰᠤᠲᠤ ᠵᠢᠷᠤᠭ ᠨᠢ ᠬᠤᠲᠠ ᠶᠢᠨ ᠠᠷᠠᠳ ᠢ ᠪᠠᠶᠠᠷ

ᠪᠠᠶᠠᠰᠤᠯ ᠤᠨ ᠳᠤᠮᠳᠠ ᠪᠣᠯᠪᠠᠰᠤᠨ ᠤ ᠮᠡᠳᠡᠯᠭᠡ ᠰᠤᠷᠤᠯᠴᠠᠭᠤᠯᠵᠤ᠂ ᠥᠩᠭᠡ ᠪᠤᠳᠤᠭ ᠢᠶᠠᠷ ᠪᠣᠯᠪᠠᠰᠤᠨ ᠤ ᠲᠤᠬᠠᠢ

ᠣᠶᠢᠯᠠᠭᠠᠯᠲᠠ ᠪᠠ ᠬᠦᠰᠡᠯ ᠡᠷᠡᠮᠡᠯᠵᠡᠯ ᠢᠶᠠᠨ ᠢᠯᠡᠷᠡᠬᠦᠯᠵᠡᠢ᠃

微信图片_20250512090834.jpg

      ︽ᠴᠠᠭᠠᠰᠤᠨ ᠬᠠᠶᠢᠴᠢᠯᠠᠮᠠᠯ ᠲᠠᠢ᠂ ᠪᠦᠲᠦᠭᠡᠯᠴᠢ ᠪᠦᠲᠦᠭᠡᠭᠳᠡᠬᠦᠨ ᠲᠠᠢ᠂ ᠪᠠᠰᠠ ᠡᠯ᠎ᠡ ᠵᠦᠢᠯ ᠤᠨ ᠵᠥᠪᠯᠡᠯᠭᠡ

ᠤᠬᠠᠭᠤᠯᠭ᠎ᠠ ᠪᠠ ᠰᠣᠨᠢᠷᠬᠠᠯ ᠲᠠᠢ ᠲᠣᠭᠯᠠᠭᠠᠮ ᠤᠨ ᠠᠵᠢᠯᠯᠠᠭ᠎ᠠ ᠲᠠᠢ᠂ ᠮᠠᠰᠢ ᠰᠣᠨᠢᠷᠬᠠᠯᠲᠠᠢ᠂ ᠪᠣᠯᠪᠠᠰᠤᠨ ᠤ

ᠮᠡᠳᠡᠯᠭᠡ ᠶᠢ ᠰᠤᠷᠤᠯᠴᠠᠭᠰᠠᠨ ᠢᠶᠠᠷ ᠪᠠᠷᠠᠬᠤ ᠦᠭᠡᠢ ᠪᠠᠰᠠ ᠪᠣᠯᠪᠠᠰᠤᠨ ᠤ ᠰᠤᠷᠳᠠᠯᠴᠢᠯᠠᠭᠴᠢ ᠪᠣᠯᠵᠤ᠂ ᠰᠠᠶᠢᠨ

ᠰᠠᠶᠢᠬᠠᠨ ᠪᠣᠯᠪᠠᠰᠤᠨ ᠤ ᠠᠭᠤᠷ ᠠᠮᠢᠰᠬᠤᠯ ᠢ ᠪᠤᠢ ᠪᠣᠯᠭᠠᠬᠤ ᠳᠤ ᠬᠠᠮᠲᠤᠪᠠᠷ ᠬᠦᠴᠦ ᠪᠠᠨ ᠡᠷᠭᠦᠵᠦ᠂ ᠪᠣᠯᠪᠠᠰᠤᠨ ᠤ

ᠰᠤᠷᠲᠠᠯ ᠭᠠᠵᠠᠷ ᠪᠤᠯᠭᠠᠨ ᠳᠤ ᠳᠠᠮᠵᠢᠭᠤᠯᠵᠤ ᠪᠠᠶᠢᠨ᠎ᠠ︾

                            —  ᠬᠤᠲᠠ ᠶᠢᠨ ᠠᠷᠠᠳ ᠤᠨ ᠬᠦᠷᠢᠶᠡᠯᠡᠩ ᠤᠨ ᠸᠧᠨ ᠵᠢᠶᠧ

      ᠲᠤᠰ ᠤᠳᠠᠭᠠᠨ ᠤ ᠠᠵᠢᠯᠯᠠᠭ᠎ᠠ ᠶᠢ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂

ᠬᠤᠳᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠭᠤᠣᠯᠯᠠᠨ ᠡᠷᠬᠢᠯᠡᠵᠦ᠂

ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠭᠤᠷᠢᠭ ᠤᠨ ᠨᠠᠮ ᠤᠨ ᠬᠤᠷᠢᠶᠠᠨ ᠤ

ᠨᠡᠶᠢᠭᠡᠮ ᠤᠨ ᠠᠵᠢᠯ ᠤᠨ ᠬᠡᠯᠲᠡᠰ᠂ ᠡᠪᠯᠡᠯ ᠤᠨ ᠲᠣᠭᠤᠷᠢᠭ ᠤᠨ ᠬᠤᠷᠢᠶ᠎ᠠ᠂ ᠲᠣᠭᠤᠷᠢᠭ ᠤᠨ ᠡᠮᠡᠭᠲᠡᠶᠢᠴᠦᠳ ᠤᠨ

ᠬᠤᠯᠪᠣᠭ᠎ᠠ᠂ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠲᠣᠭᠤᠷᠢᠭ ᠤᠨ ᠬᠠᠮᠲᠤᠷᠠᠯᠴᠠᠭ᠎ᠠ

ᠰᠣᠯᠢᠯᠴᠠᠭᠠᠨ ᠤ ᠲᠥᠪ᠂ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠂ ᠲᠣᠭᠤᠷᠢᠭ ᠤᠨ

ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠬᠡᠨ ᠤ ᠲᠦᠪ ᠬᠠᠮᠳᠤᠷᠠᠨ ᠳᠠᠭᠠᠭᠠᠴᠢᠯᠠᠨ

ᠡᠷᠬᠢᠯᠡᠪᠡ᠃ 5 ᠳ᠋ᠤᠭᠠᠷ ᠰᠠᠷ᠎ᠠ ᠠᠴᠠ ᠡᠬᠢᠯᠡᠨ᠂ ᠰᠠᠷ᠎ᠠ ᠪᠦᠷᠢ ᠨᠢᠭᠡ ᠭᠤᠣᠯ ᠰᠡᠳᠦᠪ ᠢᠶᠠᠷ ᠪᠤᠳᠠᠰ ᠤᠨ ᠪᠤᠰᠤ

ᠰᠤᠶᠤᠯ ᠤᠨ  ᠤᠯᠠᠮᠵᠢᠯᠠᠬᠤ᠂ ᠰᠢᠨᠵᠢᠯᠡᠬᠦ ᠤᠬᠠᠭᠠᠨ ᠢ ᠲᠦᠬᠡᠮᠡᠯᠵᠢᠯᠡᠬᠦᠯᠬᠦ᠂ ᠨᠣᠮ ᠤᠩᠰᠢᠬᠤ᠂ ᠡᠷᠡᠭᠦᠯ ᠡᠩᠬᠡ

ᠠᠮᠢᠳᠤᠷᠠᠯ᠂ ᠪᠣᠯᠪᠠᠰᠤᠨ ᠶᠣᠰᠣ ᠵᠢᠷᠤᠮ ᠵᠡᠷᠭᠡ ᠭᠤᠣᠯ ᠠᠭᠤᠯᠭ᠎ᠠ ᠶᠢᠨ ᠲᠣᠭᠤᠷᠢᠨ ᠳᠤ᠂ ᠰᠦᠯᠵᠢᠶᠡᠨ ᠳᠡᠭᠡᠷᠡᠬᠢ ᠪᠠ

ᠰᠦᠯᠵᠢᠶᠡᠨ ᠭᠠᠳᠠᠨᠠᠬᠢ ᠣᠯᠠᠨ ᠵᠦᠢᠯ ᠤᠨ ᠬᠡᠯᠪᠡᠷᠢ᠂ ᠣᠯᠠᠨ ᠶᠠᠩᠵᠤ ᠶᠢᠨ ᠳᠠᠯᠠᠪᠤᠷ ᠢᠶᠠᠷ ᠳᠠᠮᠵᠢᠭᠤᠯᠤᠨ᠂ ᠪᠠᠶᠠᠯᠢᠭ

ᠰᠠᠶᠢᠬᠠᠨ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠨ᠎ᠡ᠃ ᠲᠤᠰ ᠠᠵᠢᠯᠯᠠᠭᠠᠨ ᠤ ᠵᠣᠷᠢᠯᠭ᠎ᠠ ᠨᠢ

ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠤᠯᠠᠮ ᠨᠢᠭᠡ ᠠᠯᠬᠤᠮ ᠳᠡᠯᠭᠡᠷᠡᠭᠦᠯᠦᠨ ᠪᠠᠳᠠᠷᠠᠭᠤᠯᠵᠤ

᠂ ᠥᠷᠭᠡᠨ ᠣᠯᠠᠨ ᠬᠤᠲᠠ ᠶᠢᠨ ᠠᠷᠠᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠪᠣᠯᠪᠠᠰᠤᠨ ᠤ

ᠦᠢᠯᠡᠳᠦᠯᠭᠡ ᠳᠤ ᠠᠩᠬᠠᠷᠤᠯ ᠲᠠᠯᠪᠢᠭᠤᠯᠵᠤ᠂ ᠪᠣᠯᠪᠠᠰᠤᠨ ᠤ ᠦᠢᠯᠡᠳᠦᠯᠭᠡ ᠳᠤ ᠣᠷᠣᠯᠴᠠᠭᠤᠯᠵᠤ᠂ ᠪᠣᠯᠪᠠᠰᠤᠨ ᠤ

ᠦᠢᠯᠡᠳᠦᠯᠭᠡ ᠶᠢ ᠤᠯᠠᠮᠵᠢᠯᠠᠨ ᠳᠡᠯᠭᠡᠷᠡᠭᠦᠯᠵᠦ᠂ ᠬᠥᠮᠥᠨ ᠪᠦᠬᠦᠨ ᠣᠷᠣᠯᠴᠠᠵᠤ᠂ ᠪᠣᠯᠪᠠᠰᠤᠨ ᠢ ᠬᠠᠮᠲᠤ ᠪᠠᠷ ᠡᠳ᠋ᠯᠡᠬᠦ

ᠭᠦᠨ ᠵᠤᠵᠠᠭᠠᠨ ᠠᠭᠤᠷ ᠠᠮᠢᠰᠬᠤᠯ ᠢ ᠲᠠᠰᠤᠷᠠᠯᠲᠠ ᠦᠭᠡᠢ ᠪᠤᠢ ᠪᠤᠯᠭᠠᠨ᠎ᠠ᠃

微信图片_20250512090903.jpg

 

ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ