ᠳ᠋ᠦᠩᠱᠧᠩ ᠲᠣᠭᠤᠷᠢᠭ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/14
    5 ᠰᠠᠷ᠎ᠠ ᠶᠢᠨ 12  ᠤᠨ ᠡᠳᠦᠷ᠂ ᠳ᠋ᠦᠩᠱᠧᠩ ᠲᠣᠭᠤᠷᠢᠭ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠸ ᠢ ᠳ᠋ᠦᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠢᠢ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠬᠤᠷᠠᠯ ᠳᠤ ᠣᠷᠣᠯᠴᠠᠵᠠᠢ᠃     ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠳ᠋ᠦᠩᠱᠧᠩ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠦᠬᠦᠯᠢ ᠴᠣᠭᠴᠠ ᠶᠢᠨ ᠪᠠᠶᠢᠳᠠᠯ ᠢ ᠮᠡᠳᠡᠭᠳᠡᠵᠦ᠂ ᠣᠳᠣᠬᠠᠨ ᠳᠤ ᠣᠷᠣᠰᠢᠵᠤ ᠪᠠᠶᠢᠭ᠎ᠠ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠤᠨ ᠠᠰᠠᠭᠤᠳᠠᠯ ᠢ ᠭᠦᠨᠵᠡᠭᠡᠢ ᠵᠠᠳᠠᠯᠵᠤ᠂ ᠳᠠᠷᠠᠭᠠᠴᠢ ᠶᠢᠨ ᠱᠠᠲᠤᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠰᠤᠳᠤᠯᠤᠨ  ᠪᠠᠶᠢᠷᠢᠯᠠᠭᠤᠯᠪᠠ᠃     ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠨᠢ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠲᠠᠢ ᠬᠤᠯᠪᠤᠭᠳᠠᠨ᠎ᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠬᠦᠨᠳᠦ ᠨᠤᠴᠢᠳᠠᠢ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠡᠯ᠎ᠡ ᠲᠥᠷᠥᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠲᠤᠯᠭᠠᠮ᠎ᠠ ᠰᠡᠳᠬᠢᠯᠭᠡ ᠪᠠ ︽ᠶᠠᠪᠤᠳᠠᠯ ᠪᠦᠬᠦᠨ ᠢ ᠴᠢᠩᠭ᠎ᠠ ᠠᠳᠬᠤᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠴᠡᠭᠴᠡᠯᠡᠨ ᠵᠠᠰᠠᠬᠤ᠂ ᠠᠮᠤᠷ ᠲᠦᠪᠰᠢᠨ ᠤ ᠮᠡᠳᠡᠯᠭᠡ ᠶᠢ ᠶᠡᠭᠡ ᠪᠠᠷ ᠤᠬᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠪᠣᠳᠠᠲᠠᠢ ᠪᠠᠷ ᠰᠠᠶᠢᠲᠤᠷ ᠠᠳᠬᠤᠵᠤ᠂ ᠳᠤᠲᠠᠭᠤᠳᠠᠯ ᠢ ᠦᠨᠡᠨ ᠬᠦ ᠨᠥᠬᠦᠪᠦᠷᠢᠯᠡᠵᠦ᠂ ᠪᠠᠭᠤᠷᠠᠢ ᠲᠠᠯ᠎ᠠ ᠶᠢ ᠬᠦᠴᠦᠷᠬᠡᠭᠵᠢᠬᠦᠯᠵᠤ᠂ ᠠᠯᠳᠠᠭ᠎ᠠ ᠭᠠᠷᠭᠠᠬᠤ ᠶᠢ ᠬᠤᠷᠢᠭᠯᠠᠵᠤ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠠᠶᠤᠯᠬᠦᠢ ᠦᠢᠯᠡᠳᠪᠦᠷᠢᠯᠡᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠠᠶᠤᠯᠲᠠᠢ ᠬᠢᠮᠢ ᠶᠢᠨ ᠪᠣᠳᠠᠰ᠂ ᠠᠭᠤᠷᠬᠠᠢ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠢᠳᠡᠭᠡᠨ ᠤ ᠠᠷᠢᠭᠤᠨ ᠴᠡᠪᠡᠷ᠂ ᠭᠠᠯ ᠢ ᠰᠡᠷᠬᠡᠶᠢᠯᠡᠬᠦ᠂ ᠦᠶᠡᠷ ᠢ ᠰᠡᠷᠭᠡᠶᠢᠯᠡᠬᠦ᠂ ᠬᠥᠮᠥᠨ ᠤᠯᠠᠨ ᠲᠦᠪᠯᠡᠷᠡᠭᠰᠡᠨ ᠲᠠᠯᠠᠪᠤᠷ ᠵᠡᠷᠭᠡ ᠵᠠᠩᠭᠢᠯᠠᠭ᠎ᠠ ᠶᠢᠨ ᠬᠦᠷᠢᠶ᠎ᠡ ᠪᠣᠯᠣᠨ ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦᠨ ᠢ ᠬᠠᠮᠤᠷᠤᠭᠰᠡᠨ ᠵᠢᠭᠰᠠᠭᠠᠨ ᠪᠠᠶᠢᠴᠠᠭᠠᠯᠳᠠ ᠶᠢ ᠥᠷᠨᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠲᠤᠶᠢᠯᠪᠤᠷᠢᠲᠠᠢ ᠴᠡᠭᠴᠡᠯᠡᠨ ᠵᠠᠰᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠢ᠃ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠰᠲ᠋ᠧᠮ ᠲᠠᠢ ᠲᠥᠯᠥᠪᠵᠢᠭᠦᠯᠬᠦ᠂ ᠱᠠᠲᠤ ᠬᠤᠪᠢᠶᠠᠨ ᠲᠦᠷᠦᠯ ᠬᠤᠪᠢᠶᠠᠨ ᠤᠨᠢᠨ ᠳᠡᠭᠡᠷ᠎ᠡ ᠨᠢ ᠬᠡᠷᠡᠭᠵᠢᠭᠦᠯᠬᠦ ᠶᠢ ᠪᠠᠷᠢᠮᠲᠠᠯᠠᠵᠤ᠂ ᠤᠯᠠᠨ ᠲᠦᠮᠡᠨ ᠳᠤ ᠬᠠᠨᠳᠤᠭᠤᠯᠤᠨ᠂ ᠲᠦᠬᠦᠮ ᠣᠶᠢᠯᠠᠭᠠᠮᠵᠢᠲᠠᠢ ᠦᠭᠡ ᠬᠡᠯᠡ ᠪᠠ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠬᠡᠯᠪᠡᠷᠢ ᠪᠠᠷ ᠤᠬᠠᠭᠤᠯᠵᠤ᠂ ᠤᠬᠠᠭᠤᠯᠭ᠎ᠠ ᠶᠢᠨ ᠠᠭᠤᠯᠭ᠎ᠠ ᠶᠢ ᠤᠶᠢᠯᠠᠭᠠᠵᠤ ᠲᠡᠶᠢᠯᠬᠦ᠂ ᠴᠡᠭᠡᠵᠢᠯᠡᠵᠦ ᠳᠡᠶᠢᠯᠬᠦ᠂ ᠬᠡᠷᠡᠭᠯᠡᠵᠦ ᠳᠡᠶᠢᠯᠬᠦ ᠶᠢ ᠪᠠᠲᠤᠯᠠᠬᠤ ᠬᠡᠷᠡᠭᠲᠡᠢ︔ ᠠᠵᠢᠯ ᠲᠦᠷᠦᠯ ᠤᠨ ᠠᠵᠢᠯ ᠡᠷᠬᠢᠯᠡᠭᠰᠡᠳ ᠲᠤ ᠴᠢᠭᠯᠡᠭᠦᠯᠦᠨ᠂ ᠰᠡᠷᠡᠮᠵᠢᠯᠡᠭᠦᠯᠬᠦ ᠬᠥᠮᠦᠵᠢᠯ ᠢ ᠲᠤᠪᠤᠶᠢᠯᠭᠠᠵᠤ᠂ ᠨᠡᠶᠢᠲᠡᠯᠢᠭ ᠠᠳᠡᠯ ᠤᠨ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠤᠨ ᠰᠢᠨᠵᠢᠯᠡᠬᠦ ᠪᠠᠷ ᠲᠠᠮᠵᠢᠨ᠂ ᠬᠠᠷᠢᠭᠤᠴᠠᠯᠭ᠎ᠠ ᠨᠡᠬᠡᠮᠵᠢᠯᠡᠬᠦ ᠪᠠ ᠬᠠᠷᠠᠰᠠᠯᠲᠤ ᠰᠤᠷᠭᠠᠮᠵᠢ ᠪᠠᠷ ᠰᠦᠷᠳᠡᠬᠦᠯᠬᠦ ᠶᠢ ᠴᠢᠩᠭᠠᠳᠬᠠᠵᠤ᠂ ᠪᠦᠬᠦ ᠠᠷᠠᠳ ᠤᠨ ᠠᠶᠤᠯᠭᠦᠢ ᠦᠢᠯᠡᠳᠪᠦᠷᠢᠯᠡᠯ ᠠᠮᠢᠳᠤᠷᠠᠯ ᠤᠨ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠠᠮᠤᠷ ᠲᠦᠪᠰᠢᠨ ᠢᠶᠠᠷ ᠬᠥᠭᠵᠢᠬᠦ ᠪᠦᠬᠦ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢᠵᠢᠬᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠡᠷᠡᠰ ᠴᠢᠩᠭᠠᠯᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠣᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠤᠳᠠᠳᠠᠢ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ᠂ ᠤᠨᠢᠨ ᠳᠡᠭᠡᠷ᠎ᠡ ᠨᠢ ᠵᠢᠯᠤᠭᠤᠳᠬᠤ᠂ ᠬᠠᠷᠢᠭᠤᠴᠠᠯᠭ᠎ᠠ ᠳᠤ ᠬᠢᠨᠠᠯᠳᠠ ᠲᠠᠯᠪᠢᠬᠤ ᠪᠠᠨ ᠡᠷᠡᠰ ᠴᠢᠩᠭᠠᠳᠬᠠᠵᠤ᠂ ᠠᠵᠢᠯ ᠤᠨ ᠳᠠᠷᠤᠯᠲᠠ ᠶᠢ ᠱᠠᠲᠤ ᠱᠠᠲᠤ ᠪᠠᠷ ᠳᠠᠮᠵᠢᠭᠤᠯᠵᠤ᠂ ᠬᠠᠮᠢᠶᠠᠷᠤᠯᠲᠠ ᠠᠴᠠ ᠭᠤᠭᠤᠵᠢᠭᠳᠠᠵᠤ ᠡᠵᠡᠮᠳᠡᠯ ᠢᠶᠠᠨ ᠠᠯᠳᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠬᠡᠵᠤ ᠴᠢᠬᠤᠯᠠᠴᠢᠯᠠᠪᠠ᠃    ᠲᠣᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠤ ᠪᠠᠨ ᠪᠠᠶᠢᠭ᠎ᠠ ᠤᠳᠤᠷᠢᠳᠤᠯᠭ᠎ᠠ᠂ ᠡᠯ᠎ᠡ ᠪᠠᠯᠭᠠᠰᠤ᠂ ᠵᠡᠭᠡᠯᠢ ᠭᠤᠳᠤᠮᠵᠢ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ