ᠪᠢᠨ ᠾᠧ ᠨᠡᠶᠢᠭᠡᠮ ᠲᠣᠭᠤᠷᠢᠭ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠵᠢᠷᠤᠭ ᠵᠢᠷᠤᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/17
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠬᠡᠦᠬᠡᠳ ᠢ ᠬᠥᠲᠥᠯᠥᠨ ᠵᠢᠯᠤᠭᠤᠳᠴᠤ ᠤᠷᠠᠯᠢᠭ ᠤᠨ ᠵᠣᠬᠢᠶᠠᠨ ᠪᠦᠲᠦᠭᠡᠯᠭᠡ ᠪᠠᠷ ᠲᠠᠮᠵᠢᠨ ᠡᠯ᠎ᠡ ᠦᠨᠳᠦᠰᠦᠲᠡᠨ ᠤ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠮᠡᠳᠡᠷᠡᠬᠦᠯᠬᠦ ᠶᠢᠨ ᠲᠦᠯᠦᠬᠡ᠂ 5 ᠰᠠᠷ᠎ᠠ ᠶᠢᠨ 16 ᠤ ᠡᠳᠦᠷ᠂ ᠪᠢᠨ ᠾᠧ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠪᠢᠨ ᠾᠧ ᠨᠡᠶᠢᠭᠡᠮ ᠲᠣᠭᠤᠷᠢᠭ ᠤᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠥᠪᠥᠷ ᠮᠣᠩᠭᠤᠯ ᠤᠨ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠪᠠᠭᠰᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠴᠡᠴᠡᠷᠯᠢᠭ ᠲᠠᠢ ᠬᠠᠮᠲᠤᠷᠠᠨ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠵᠢᠷᠤᠭ ᠵᠢᠷᠤᠬᠤ ᠠᠵᠢᠯᠯᠠᠭ᠎ᠠ ᠥᠷᠨᠢᠭᠦᠯᠪᠡ᠃

2.1.jpg

    ᠠᠵᠢᠯᠯᠠᠭ᠎ᠠ ᠶᠢᠨ ᠠᠬᠤᠢ ᠲᠠᠯᠠᠪᠠᠢ ᠶᠢᠨ᠂ ᠬᠡᠦᠬᠡᠳ ᠤᠨ ᠴᠡᠴᠡᠷᠯᠢᠭ ᠲᠤ ᠢᠨᠢᠶᠡᠳᠤ ᠪᠠᠶᠠᠰᠤᠯ ᠢᠶᠠᠷ ᠪᠢᠯᠬᠠᠵᠤ᠂ ᠡᠯ᠎ᠡ ᠦᠨᠳᠦᠰᠦᠲᠡᠨ ᠤ ᠬᠡᠤᠬᠡᠳ ᠤᠳ᠂

ᠵᠢᠷᠤᠭ ᠤᠨ ᠪᠢᠷ ᠢᠶᠠᠷ ᠦᠨᠳᠦᠰᠦᠲᠡᠨ ᠤ ᠪᠦᠯᠬᠦᠮᠳᠡᠯ ᠤᠨ ᠲᠤᠬᠠᠢ ᠣᠶᠢᠯᠠᠭᠠᠯᠲᠠ ᠪᠠ ᠬᠦᠰᠡᠯ ᠵᠦᠩᠨᠡᠯ ᠢᠯᠡᠳᠬᠡᠪᠠ᠃ ᠬᠡᠦᠬᠡᠳ ᠤᠳ ᠢᠳᠡᠪᠬᠢᠲᠡᠢ ᠪᠠᠷ ᠭᠠᠷ

ᠬᠥᠳᠡᠯᠦᠨ ᠣᠷᠣᠯᠴᠠᠵᠤ᠂ ᠪᠢᠴᠢᠬᠠᠨ ᠨᠠᠶᠢᠵᠠ ᠨᠠᠷ ᠲᠠᠢ ᠪᠠᠨ ᠰᠠᠨᠠᠯ ᠢᠶᠠᠨ ᠰᠣᠯᠢᠯᠴᠠᠨ ᠶᠠᠷᠢᠯᠴᠠᠵᠤ᠂ ᠳᠦᠷᠰᠦᠯᠡᠨ ᠪᠤᠳᠤᠬᠤ ᠴᠢᠳᠠᠪᠤᠷᠢ ᠪᠣᠯᠣᠨ ᠡᠭᠦᠳᠦᠨ

ᠪᠦᠲᠦᠭᠡᠬᠦ ᠴᠢᠳᠠᠪᠤᠷᠢ ᠪᠠᠨ ᠭᠦᠢᠴᠡᠳ ᠪᠠᠳᠠᠷᠠᠭᠤᠯᠤᠨ᠂ ᠤᠷᠳᠤ ᠴᠠᠭᠠᠨ ᠬᠠᠭᠤᠳᠠᠰᠤᠨ ᠳᠤ ᠭᠤᠶᠤ ᠰᠠᠶᠢᠬᠠᠨ ᠥᠩᠭᠡ ᠪᠤᠳᠤᠭ ᠣᠷᠣᠭᠤᠯᠵᠤ᠂ ᠥᠪᠡᠷ ᠤᠨ

ᠰᠡᠳᠬᠢᠯ ᠵᠢᠷᠦᠬᠡᠨ ᠳᠠᠬᠢ ᠦᠨᠳᠦᠰᠦᠲᠡᠨ ᠤ ᠪᠦᠯᠬᠦᠮᠳᠡᠯ ᠤᠨ ᠬᠥᠬᠡ ᠲᠡᠭᠷᠢ ᠴᠠᠭᠠᠨ ᠡᠭᠦᠯᠡ ᠪᠣᠯᠣᠨ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠵᠢᠷᠤᠭᠯᠠᠵᠤ

ᠪᠠᠶᠢᠪᠠ᠃

2.3.jpg

     ᠲᠣᠰ ᠤᠳᠠᠭᠠᠨ ᠤ ᠠᠵᠢᠯᠯᠠᠭ᠎ᠠ ᠨᠢ ᠵᠢᠷᠤᠭ ᠤᠨ ᠬᠥᠮᠦᠵᠢᠯ ᠢᠶᠠᠷ ᠪᠦᠯᠬᠦᠮᠳᠡᠯ ᠢ ᠠᠬᠢᠭᠤᠯᠵᠤ᠂ ᠬᠡᠦᠬᠡᠳ ᠤᠳ ᠤᠨ ᠰᠡᠳᠬᠢᠯ ᠳᠤ ᠦᠨᠳᠦᠰᠦᠲᠡᠨ ᠤ

ᠪᠦᠯᠬᠦᠮᠳᠡᠯ ᠤᠨ ᠦᠷ᠎ᠡ ᠶᠢ ᠰᠠᠴᠤᠵᠤ᠂ ᠨᠡᠶᠢᠭᠡᠮ ᠲᠣᠭᠤᠷᠢᠭ ᠲᠤ ᠴᠤ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠭᠦᠨ ᠵᠤᠵᠠᠭᠠᠨ ᠠᠭᠤᠷ ᠠᠮᠢᠰᠬᠤᠯ ᠢ

ᠪᠣᠶ ᠪᠣᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠬᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ

ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠲᠠᠢ ᠭᠦᠨᠵᠡᠭᠡᠢ ᠠᠭᠤᠰᠤᠯᠴᠠᠭᠤᠯᠬᠤ ᠶᠢ ᠦᠷᠭᠦᠯᠵᠢᠯᠡᠨ ᠠᠬᠢᠭᠤᠯᠵᠤ᠂

ᠪᠠᠶᠠᠷ ᠴᠡᠩᠭᠡᠯ ᠤᠨ ᠳᠤᠮᠳᠠ ᠬᠡᠦᠬᠡᠳ ᠢ ᠬᠠᠷᠠᠬᠠᠨ ᠪᠠᠭ᠎ᠠ ᠠᠴᠠ ᠨᠢ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠲᠠᠢ ᠪᠤᠯᠭᠠᠨ ᠬᠦᠮᠦᠵᠢᠬᠦᠯᠪᠠ᠃

 

ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ