ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ | ᠫᠢᠩ ᠣᠷᠴᠢᠮᠬᠠᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠬᠤ ᠠᠵᠢᠯ ᠤᠨ ᠲᠠᠯ᠎ᠠ ᠪᠠᠷ ᠴᠢᠬᠤᠯᠠ ᠵᠢᠭᠠᠪᠤᠷᠢ ᠪᠠᠭᠤᠯᠭᠠᠵᠤ᠂ | ᠴᠢᠬᠤᠯᠠᠴᠢᠯᠠᠭᠤᠯᠬᠤ ᠳᠠᠭᠠᠨ᠂ ᠲᠠᠪᠤᠨ ᠵᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ | ᠨᠠᠮ ᠤᠨ ᠲᠥᠷᠥ ᠪᠠᠨ ᠵᠠᠰᠠᠬᠤ ᠴᠢᠬᠤᠯᠠ ᠲᠤᠷᠰᠢᠯᠭ᠎ᠠ ᠪᠣᠯᠣᠨ᠎ᠠ᠂ ᠮᠥᠨ ᠴᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠥᠷᠥ ᠶᠢᠨ | ᠴᠢᠬᠤᠯᠠ ᠳᠠᠪᠠᠭᠤᠯᠢᠭ ᠪᠣᠯᠣᠨ᠎ᠠ᠃ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠵᠤ ᠬᠡᠷᠡᠭᠵᠢᠭᠦᠯᠬᠦ ᠨᠢ ᠨᠠᠮ ᠤᠨ ᠬᠤᠷᠢᠳᠤᠭᠠᠷ | ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ᠂ ᠳᠡᠭᠡᠳᠦ ᠳᠠᠪᠬᠤᠷᠭ᠎ᠠ ᠶᠢᠨ | ᠲᠥᠰᠥᠪᠯᠡᠯ ᠪᠠ ᠠᠷᠠᠳ ᠣᠯᠠᠨ ᠤ ᠠᠷᠭ᠎ᠠ ᠤᠬᠠᠭᠠᠨ ᠢ ᠨᠢᠭᠡᠳᠬᠡᠵᠦ᠂ ᠪᠠᠶᠢᠴᠠᠭᠠᠨ ᠰᠤᠳᠤᠯᠤᠯᠲᠠ ᠬᠢᠬᠦ ᠮᠠᠭᠠᠳᠯᠠᠨ ᠭᠡᠷᠡᠴᠢᠯᠡᠬᠦ ᠪᠠᠨ ᠴᠢᠩᠭᠠᠳᠬᠠᠨ᠂ ᠬᠠᠮᠲᠤ ᠶᠢᠨ | ᠲᠠᠨᠢᠯᠲᠠ ᠪᠠᠨ ᠥᠷᠭᠡᠨ ᠢᠶᠠᠷ ᠨᠢᠭᠲᠠᠷᠠᠭᠤᠯᠵᠤ᠂ ᠣᠯᠠᠨ ᠲᠦᠮᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠣᠯᠠᠨ ᠠᠷᠭ᠎ᠠ | ᠬᠡᠯᠪᠡᠷᠢ ᠪᠠᠷ ᠰᠣᠨᠣᠰᠴᠤ᠂ ᠺᠠᠳ᠋ᠷ ᠤᠯᠠᠨ ᠲᠦᠮᠡᠨ ᠤ ᠦᠢᠯᠡᠳᠦᠯᠭᠡ ᠶᠢᠨ ᠶᠠᠪᠤᠴᠠ ᠳᠠᠭᠠᠨ ᠡᠭᠦᠳᠦᠭᠰᠡᠨ ᠰᠢᠨ᠎ᠡ ᠲᠤᠷᠰᠢᠯᠭ᠎ᠠ ᠶᠢ ᠭᠦᠢᠴᠡᠳ ᠠᠰᠢᠭᠯᠠᠨ᠂ ᠬᠠᠷᠠᠯᠲᠠ | ᠡᠭᠦᠷᠭᠡ ᠪᠠ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠢᠰᠲ᠋ᠧᠮᠲᠦ ᠴᠢᠨᠠᠷ ᠪᠦᠬᠦᠯᠢ ᠴᠣᠭᠴᠠᠲᠤ ᠴᠢᠨᠠᠷ᠂ ᠵᠣᠬᠢᠴᠠᠩᠭᠤᠢ ᠴᠢᠨᠠᠷ ᠢ ᠴᠢᠬᠤᠯᠠᠴᠢᠯᠠᠵᠤ᠂ | ᠨᠠᠶᠢᠷᠠᠭᠤᠯᠬᠤ ᠠᠵᠢᠯ ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠡᠢ᠃ | ᠮᠠᠨ ᠤ ᠤᠯᠤᠰ 2026 ᠣᠨ ᠠᠴᠠ ᠡᠬᠢᠯᠡᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠬᠡᠷᠡᠭᠵᠢᠭᠦᠯᠬᠦ ᠪᠣᠯᠣᠨ᠎ᠠ᠂ ᠣᠳᠣ ᠨᠠᠮ ᠤᠨ | ᠲᠥᠪ ᠬᠤᠷᠢᠶ᠎ᠠ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠰᠠᠨᠠᠭᠤᠯᠭ᠎ᠠ ᠶᠢ ᠲᠤᠭᠤᠷᠪᠢᠨ ᠪᠢᠴᠢᠬᠦ ᠶᠢ ᠵᠣᠬᠢᠶᠠᠨ ᠪᠠᠶᠢᠭᠤᠯᠵᠤ ᠪᠠᠶᠢᠨ᠎ᠠ᠃ | ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠯᠦᠪᠵᠢᠭᠦᠯᠭᠡ ᠶᠢᠨ ᠰᠠᠨᠠᠭᠤᠯᠭ᠎ᠠ ᠶᠢ ᠲᠤᠭᠤᠷᠪᠢᠬᠤ ᠠᠵᠢᠯ ᠤᠨ ᠪᠠᠶᠢᠷᠢᠯᠠᠭᠤᠯᠤᠯᠲᠠ ᠶᠢ | ᠦᠨᠳᠦᠰᠦᠯᠡᠨ᠂ ᠬᠠᠮᠢᠶᠠᠲᠠᠢ ᠲᠠᠯ᠎ᠠ ᠶᠢᠨ ᠬᠢᠨ ᠣᠶᠢᠷ᠎ᠠ ᠳᠤ ᠤᠯᠠᠨ ᠵᠦᠢᠯ ᠤᠨ ᠬᠡᠯᠪᠡᠷᠢ ᠪᠠᠷ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ | ᠲᠠᠯ᠎ᠠ ᠪᠠᠷ ᠬᠢ ᠺᠠᠳ᠋ᠷ ᠤᠯᠠᠨ ᠲᠦᠮᠡᠨ᠂ ᠲᠤᠰᠬᠠᠢ ᠮᠡᠷᠭᠡᠵᠢᠯᠲᠡᠨ ᠡᠷᠳᠡᠮᠲᠡᠨ ᠨᠠᠷ ᠤᠨ ᠰᠠᠨᠠᠯ ᠰᠠᠨᠠᠭᠤᠯᠭ᠎ᠠ ᠶᠢ ᠬᠤᠷᠢᠶᠠᠬᠤ ᠪᠠᠷ ᠪᠠᠶᠢᠨ᠎ᠠ᠃ |