| ᠵᠢᠶᠠ ᠿᠢ ᠴᠡᠴᠡᠷᠯᠢᠭ ᠨᠢ ᠪᠦᠯᠬᠦᠮᠳᠠᠯ ᠵᠠᠮ ᠤᠨ ᠵᠡᠭᠦᠨ᠂ ᠦᠨᠳᠦᠰᠦᠲᠡᠨ ᠤ ᠪᠠᠷᠠᠭᠤᠨ ᠵᠡᠭᠡᠯᠢ ᠶᠢᠨ ᠡᠮᠦᠨ᠎ᠡ ᠬᠡᠰᠡᠭ ᠲᠤ ᠪᠠᠶᠢᠷᠢᠰᠢᠵᠤ᠂ ᠶᠡᠷᠦᠩᠬᠡᠢ ᠲᠠᠯᠠᠪᠠᠶ | ᠨᠢ 114700 ᠲᠡᠭᠰᠢ ᠳᠥᠷᠪᠡᠯᠵᠢᠨ ᠮᠧᠲᠷ ᠪᠠᠶᠢᠵᠤ᠂ ᠲᠥᠪ ᠲᠤᠮᠳᠠ ᠨᠢ 6000 ᠲᠡᠭᠰᠢ ᠳᠥᠷᠪᠡᠯᠵᠢᠨ ᠮᠧᠲᠷ ᠤᠨ ᠠᠭᠤᠯᠠ ᠤᠰᠤᠨ ᠤ ᠬᠦᠷᠢᠶᠡᠯᠡᠩ ᠢ | ᠪᠠᠶᠢᠭᠤᠯᠵᠤ᠂ ᠡᠭᠦᠨ ᠤ ᠳᠣᠲᠣᠷ᠎ᠠ ᠤᠰᠤᠨ ᠴᠦᠬᠦᠷᠦᠮ ᠨᠢ 3000 ᠲᠡᠭᠰᠢ ᠳᠥᠷᠪᠡᠯᠵᠢᠨ ᠮᠧᠲᠷ ᠢ ᠡᠵᠡᠯᠡᠨ᠎ᠡ᠃ | ᠴᠡᠴᠡᠷᠯᠢᠭ ᠤᠨ ᠳᠣᠲᠣᠷᠠᠬᠢ ᠦᠵᠡᠮᠵᠢ ᠳᠤ ᠨᠠᠷᠠᠰᠤ᠂ ᠰᠢᠨᠵᠢᠶᠠᠩ ᠤᠨ ᠤᠯᠢᠶᠠᠰᠤ᠂ ᠵᠡᠷᠯᠢᠭ ᠲᠤᠭᠤᠷ᠂ ᠬᠡᠬᠡᠷ᠎ᠡ ᠶᠢᠨ ᠬᠦᠢᠯᠡᠰᠦ᠂ ᠬᠤᠨᠢᠨ ᠠᠷᠴᠠ ᠵᠡᠷᠭᠡ | ᠨᠤᠲᠤᠭ ᠤᠨ ᠮᠣᠳᠣᠨ ᠤ ᠲᠦᠷᠦᠯ ᠢ ᠥᠷᠭᠡᠨ ᠢᠶᠠᠷ ᠲᠡᠷᠢᠬᠤ ᠶᠢᠨ ᠬᠠᠮᠲᠤ᠂ ᠤᠯᠠᠭᠠᠨ ᠨᠢᠮᠪᠠ᠂ ᠲᠠᠪᠤᠯᠵᠢᠨ ᠪᠠᠲᠤᠴᠠᠭᠠᠨ ᠵᠡᠷᠭᠡ ᠲᠤᠬᠠᠢ ᠶᠢᠨ ᠭᠠᠵᠡᠷ ᠲᠤ | ᠤᠷᠭᠤᠬᠤ ᠳᠤ ᠲᠣᠬᠢᠷᠠᠮᠵᠢᠲᠠᠢ ᠨᠢᠭᠡ ᠪᠦᠯᠦᠭ ᠥᠩᠭᠡᠲᠦ ᠨᠠᠪᠴᠢ ᠲᠠᠢ ᠮᠣᠳᠣᠨ ᠤ ᠲᠦᠷᠦᠯ ᠢ ᠣᠷᠣᠭᠤᠯᠤᠨ ᠲᠠᠷᠢᠵᠤ ᠤᠯᠠᠷᠢᠯ ᠤᠨ ᠴᠢᠨᠠᠷᠲᠠᠢ ᠦᠵᠡᠮᠵᠢ ᠶᠢ | ᠨᠡᠮᠡᠭᠳᠡᠬᠦᠯᠪᠠ᠃ ᠴᠡᠴᠡᠷᠯᠢᠭ ᠤᠨ ᠳᠣᠲᠣᠷ᠎ᠠ ᠵᠢᠶᠠᠩᠨᠠᠨ ᠤ ᠴᠡᠴᠡᠷᠯᠢᠭ ᠤᠨ ᠦᠵᠡᠮᠵᠢ ᠲᠠᠢ ᠮᠥᠷᠲᠡᠭᠡᠨ ᠪᠠᠰᠠ ᠤᠷᠤᠨ ᠨᠤᠳᠤᠭ ᠤᠨ ᠦᠨᠳᠦᠰᠦᠲᠡᠨ ᠤ | ᠣᠨᠴᠠᠯᠢᠭ ᠲᠠᠢ ᠪᠠᠶᠢᠵᠤ᠂ ᠭᠤᠷᠪᠠᠨ ᠤᠯᠠᠷᠢᠯ ᠳᠤ ᠴᠡᠴᠡᠭ ᠲᠡᠯᠬᠡᠷᠡᠵᠤ᠂ ᠳᠥᠷᠪᠡᠨ ᠤᠯᠠᠷᠢᠯ ᠳᠤ ᠪᠠᠨ ᠮᠥᠩᠬᠡ ᠨᠣᠭᠤᠭᠠᠨ ᠪᠠᠶᠢᠳᠠᠭ᠂ ᠬᠥᠮᠥᠰ ᠤᠨ ᠪᠡᠶ᠎ᠡ | ᠴᠢᠭᠢᠷᠠᠭᠵᠢᠭᠤᠯᠬᠤ᠂ ᠰᠡᠯᠡᠭᠦᠴᠡᠬᠦ᠂ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠡᠴᠡᠷᠯᠢᠭ ᠢ ᠪᠣᠶ ᠪᠣᠯᠭᠠᠵᠠᠢ᠃ | | | | | | | | | | | | | | | | |