5 ᠰᠠᠷ᠎ᠠ ᠶᠢᠨ 20 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ | ᠵᠠᠰᠠᠭ ᠤᠨ ᠣᠷᠳᠣᠨ ᠤ 2025 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ | ᠭᠤᠷᠪᠠᠳᠤᠭᠠᠷ ᠤᠳᠠᠭᠠᠨ ᠤ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠢ ᠰᠤᠷᠤᠯᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠣᠯᠠᠨ ᠲᠦᠮᠡᠨ ᠤ | ᠠᠵᠢᠯ ᠮᠥᠨ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠳᠠᠷᠤᠭᠳᠠᠮᠠᠯ ᠬᠡᠷᠡᠭ ᠤᠨ ᠰᠠᠭᠤᠷᠢ | ᠲᠤᠭ᠎ᠠ ᠶᠢ ᠲᠣᠳᠣᠷᠬᠠᠶ ᠣᠶᠢᠯᠠᠭᠠᠵᠤ᠂ ᠲᠥᠪ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠪᠠ ᠳᠠᠬᠢᠨ ᠳᠠᠪᠲᠠᠨ | ᠵᠠᠬᠢᠳᠠᠯ ᠰᠤᠷᠪᠤᠯᠵᠢᠯᠠᠭ᠎ᠠ ᠬᠢᠵᠤ ᠪᠠᠶᠢᠭ᠎ᠠ ᠬᠡᠷᠡᠭ ᠢ ᠰᠢᠢᠳᠪᠤᠷᠢᠯᠡᠬᠦ ᠶᠢ ᠲᠥᠪᠯᠡᠷᠡᠭᠦᠯᠦᠨ ᠪᠣᠭᠤᠮᠲᠠ ᠰᠢᠪᠲᠤᠯᠵᠤ᠂ ᠰᠠᠨᠠᠭᠠᠴᠢᠯᠠᠭ᠎ᠠ ᠠᠴᠠ ᠪᠠᠨ ᠳᠡᠷᠭᠡᠳᠡ ᠳᠤᠨᠢ | ᠬᠦᠷᠴᠤ ᠤᠶᠢᠯᠡᠴᠢᠯᠡᠨ᠂ ᠠᠷᠭ᠎ᠠ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠣᠯᠠᠨ ᠲᠦᠮᠡᠨ ᠤ ᠲᠤᠰᠬᠠᠯ ᠶᠡᠬᠡᠳᠠᠢ ᠠᠰᠠᠭᠤᠳᠠᠯ ᠢ ᠴᠠᠭ ᠲᠤᠬᠠᠶ ᠳᠤᠨᠢ | ᠪᠦᠲᠦᠮᠵᠢᠲᠡᠶ ᠪᠦᠬᠡᠳ ᠯᠠᠪᠳᠠᠭᠤᠨ ᠢᠶᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃ | ᠬᠤᠷᠠᠯ ᠠᠴᠠ ᠪᠦᠬᠦ ᠲᠤᠭᠤᠷᠢᠭ ᠤᠨ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠶᠢᠰᠢᠩ ᠪᠠᠷᠢᠬᠤ ᠶᠢ ᠴᠡᠭᠴᠡᠯᠡᠨ ᠵᠠᠰᠠᠬᠤ ᠠᠵᠢᠯ ᠢ | ᠥᠷᠨᠢᠭᠦᠯᠦᠭᠰᠡᠨ ᠪᠠᠶᠢᠳᠠᠯ ᠵᠢᠴᠢ ᠡᠬᠢ ᠪᠠᠶᠠᠯᠢᠭ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠡᠭᠡᠳᠦ ᠱᠠᠲᠤᠨ ᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠰᠤᠳᠤᠯᠤᠨ | ᠪᠠᠶᠢᠷᠢᠯᠠᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠲᠠᠷᠢᠶᠠᠨ ᠭᠠᠵᠠᠷ ᠢ ᠬᠠᠮᠠᠭᠠᠯᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠪᠠᠲᠤ ᠡᠬᠦᠷᠭᠡᠯᠡᠨ᠂ ︽ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ + ᠬᠠᠷᠢᠶ᠎ᠠ ᠭᠠᠵᠠᠷ︾ ᠤᠨ ᠬᠢᠨᠠᠯᠲᠠ | ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢ ᠰᠠᠶᠢᠲᠤᠷ ᠬᠡᠷᠡᠭᠵᠢᠬᠦᠯᠵᠤ᠂ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠲᠦᠷᠭᠡᠳᠬᠡᠵᠦ᠂ ᠲᠣᠭᠤᠷᠢᠨ ᠪᠠᠶᠢᠴᠠᠭᠠᠵᠤ ᠰᠡᠷᠭᠡᠶᠢᠯᠡᠨ ᠡᠵᠡᠮᠳᠡᠬᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠥᠳᠡᠯᠦᠯᠴᠡᠬᠦ ᠶᠢ | ᠦᠷᠭᠦᠯᠵᠢᠯᠡᠨ ᠥᠷᠨᠢᠭᠦᠯᠵᠦ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠠᠵᠢᠯᠯᠠᠭ᠎ᠠ ᠶᠢ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠨ᠂ ᠲᠠᠷᠢᠶᠠᠨ ᠭᠠᠵᠠᠷ ᠢ | ᠬᠠᠮᠠᠭᠠᠯᠠᠬᠤ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠥᠪ ᠤᠨ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ | ᠪᠠᠶᠢᠳᠠᠯ ᠪᠣᠯᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠵᠢᠴᠢ ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ | ᠢᠮᠠᠭᠲᠠ ᠴᠢᠩᠭᠠᠯᠠᠨ᠂ ᠠᠯᠮᠠᠶᠢᠷᠠᠨ ᠲᠠᠶᠢᠪᠤᠰᠢᠷᠠᠬᠤ ᠪᠠ ᠳᠠᠯᠢᠮᠳᠠᠭᠤᠯᠬᠤ ᠪᠤᠳᠤᠯ ᠢ ᠲᠡᠪᠴᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠠᠮᠤᠷ ᠲᠦᠪᠰᠢᠨ ᠤ ᠭᠡᠮ ᠰᠣᠭᠤᠭ ᠢ ᠶᠡᠬᠡᠪᠡᠷ ᠴᠡᠭᠴᠡᠯᠡᠨ | ᠵᠠᠰᠠᠬᠤ᠂ ᠠᠮᠤᠷ ᠲᠦᠪᠰᠢᠨ ᠤ ᠮᠡᠳᠡᠯᠭᠡ ᠶᠢ ᠶᠡᠬᠡᠪᠡᠷ ᠤᠬᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠪᠣᠳᠠᠲᠠᠢ ᠠᠳᠬᠤᠵᠤ᠂ ᠬᠢᠨᠠᠨ ᠬᠠᠮᠢᠶᠠᠷᠬᠤ | ᠬᠦᠴᠦᠨ ᠢ ᠪᠦᠲᠦᠮᠵᠢᠲᠡᠢ ᠨᠢᠭᠡᠳᠬᠡᠨ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠮᠤᠷ | ᠲᠦᠪᠰᠢᠨ ᠤ ᠰᠡᠷᠡᠮᠵᠢᠯᠡᠭᠦᠯᠬᠦ ᠬᠥᠮᠦᠵᠢᠯ ᠪᠣᠯᠤᠨ ᠤᠬᠠᠭᠤᠯᠭ᠎ᠠ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ︽ᠬᠥᠮᠦᠨ ᠪᠦᠬᠦᠨ ᠠᠮᠤᠷ ᠲᠦᠪᠰᠢᠨ ᠢ | ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠬᠤ | ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ | ᠬᠤᠳᠠ ᠶᠢᠨ ᠡᠳᠦᠷ ᠳᠤᠳᠤᠮ ᠤᠨ ᠬᠠᠮᠢᠶᠠᠷᠤᠯᠲᠠ ᠶᠢᠨ ᠲᠣᠭᠲᠠᠴᠠ ᠳᠤ ᠣᠷᠣᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ | ᠲᠦᠪᠰᠢᠨ ᠤ ᠬᠠᠯᠬᠠᠪᠴᠢ ᠶᠢ ᠴᠤᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠦᠵᠡᠯ ᠰᠠᠨᠠᠭ᠎ᠠ ᠪᠣᠯᠤᠨ | ᠦᠢᠯᠡ ᠠᠵᠢᠯᠯᠠᠭ᠎ᠠ ᠶᠢᠨ ᠤᠬᠠᠮᠰᠠᠷ ᠢ ᠴᠢᠩᠭᠠᠳᠬᠠᠨ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠤᠯᠠᠨ ᠳᠤ | ᠦᠨᠡᠨᠬᠦ ᠠᠰᠢᠭ ᠬᠦᠷᠳᠡᠭᠡᠬᠦ ᠬᠡᠷᠡᠭᠲᠡᠢ᠃ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠭᠤᠣᠯᠳᠠᠯᠭ᠎ᠠ ᠲᠠᠢ ᠠᠰᠠᠭᠤᠳᠠᠯ ᠳᠤ | ᠥᠷᠨᠢᠭᠦᠯᠵᠦ᠂ ᠡᠯ᠎ᠡ ᠲᠦᠷᠦᠯ ᠤᠨ ᠡᠯᠧᠮᠧᠨ᠋ᠲ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠤᠨᠠᠩᠬᠠᠷᠤᠯ ᠢᠶᠠᠨ | ᠲᠥᠪᠯᠡᠷᠡᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠨ᠂ ᠦᠩᠭᠡᠨ ᠲᠠᠯ᠎ᠠ ᠪᠠ ᠦᠨᠳᠦᠰᠦ ᠠᠴᠠ ᠨᠢ ᠵᠡᠷᠭᠡᠪᠡᠷ ᠵᠠᠰᠠᠵᠤ᠂ ᠴᠡᠭᠴᠡᠯᠡᠨ ᠵᠠᠰᠠᠬᠤ ᠶᠠᠰᠤ ᠴᠢᠨᠠᠷ | ᠦᠷ᠎ᠡ ᠪᠦᠲᠦᠮᠵᠢ ᠶᠢ ᠯᠠᠪᠳᠠᠭᠤᠨ ᠪᠠᠲᠤᠲᠠᠢ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠲᠠᠯ᠎ᠠ ᠶᠢᠨ | ᠬᠦᠴᠦᠨ ᠢ ᠵᠤᠬᠢᠴᠠᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠷᠰᠢᠯᠭ᠎ᠠ ᠰᠠᠶᠢᠨ | ᠠᠷᠭ᠎ᠠ ᠪᠠᠷᠢᠯ ᠢ ᠴᠠᠭ ᠲᠤᠬᠠᠢ ᠳᠤᠨᠢ ᠳ᠋ᠦᠩᠨᠡᠨ ᠡᠮᠬᠢᠯᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠦᠬᠦ ᠲᠤᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠭᠠᠷᠳᠠᠴᠠ ᠪᠣᠯᠤᠨ᠎ᠠ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ | ᠵᠦᠢᠯ ᠤᠨ ᠨᠥᠭᠡᠴᠡ ᠶᠢ ᠰᠠᠶᠢᠲᠤᠷ ᠬᠢᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠪᠠᠷ ᠳᠠᠮᠵᠢᠨ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ | ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠢᠳᠡᠪᠬᠢᠲᠡᠢ ᠪᠦᠬᠦ ᠦᠶᠡᠯᠡᠯ ᠤᠨ ᠬᠤᠭᠤᠴᠠᠭᠠᠨ ᠤ | ᠬᠠᠮᠢᠶᠠᠷᠤᠯᠲᠠ ᠶᠢᠨ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠦᠷᠦᠯ ᠵᠦᠢᠯ ᠤᠨ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠲᠦᠷᠭᠡᠨ | ᠭᠦᠢᠴᠡᠳᠬᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠠᠯᠬᠤᠮ ᠳᠠᠷᠠᠭ᠎ᠠ ᠲᠠᠢ ᠪᠠᠷ ᠠᠬᠢᠭᠤᠯᠤᠨ᠂ ᠨᠡᠩ ᠤᠯᠠᠨ ᠲᠦᠷᠦᠯ ᠵᠦᠢᠯ ᠢ | ᠡᠷᠲᠡ ᠨᠠᠶᠢᠳᠠᠪᠤᠷᠢᠵᠢᠭᠤᠯᠤᠨ ᠡᠷᠲᠡ ᠪᠠᠶᠢᠭᠤᠯᠵᠤ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠰᠤᠳᠤᠯᠤᠨ ᠪᠠᠶᠢᠷᠢᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠶᠢᠨ ᠤᠯᠤᠰ ᠲᠦᠷᠦᠴᠢ ᠴᠢᠨᠠᠷ᠂ ᠲᠥᠪ | ᠴᠢᠩᠭ᠎ᠠ ᠴᠢᠨᠠᠷ᠂ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠡᠯ᠎ᠡ ᠱᠠᠲᠤᠨ ᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠳᠤᠰᠬᠠᠵᠤ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠤᠨ ᠲᠣᠭᠲᠠᠭᠠᠵᠤ᠂ ᠪᠡᠶᠡᠯᠡᠭᠦᠯᠬᠦ ᠴᠠᠭ ᠤᠨ ᠬᠢᠵᠠᠭᠠᠷ ᠪᠣᠯᠤᠨ ᠱᠠᠭᠠᠷᠳᠠᠯᠭ᠎ᠠ ᠶᠢ | ᠳᠤᠳᠤᠷᠬᠠᠶᠢᠯᠠᠨ᠂ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠬᠦᠴᠦᠲᠡᠢ ᠰᠠᠶᠢᠲᠤᠷ ᠠᠳᠬᠤᠬᠤ ᠬᠡᠷᠡᠭᠲᠡᠢ᠃ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠠᠰᠠᠭᠤᠳᠠᠯ ᠤᠨ ᠪᠠᠶᠢᠩᠭᠤᠵᠢᠭᠤᠯᠤᠭᠰᠠᠨ ᠬᠠᠮᠢᠶᠠᠷᠤᠯᠲᠠ ᠶᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠠᠰᠠᠭᠤᠳᠠᠯ ᠢ ᠨᠠᠷᠢᠨ ᠬᠢᠨᠠᠮᠠᠭᠠᠢ ᠡᠮᠬᠢᠳᠬᠡᠨ᠂ ᠥᠪᠡᠷ ᠤᠨ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠲᠦᠷᠢᠮ ᠲᠣᠭᠲᠠᠭᠠᠯ | ᠲᠣᠭᠲᠠᠭᠠᠬᠤ ᠶᠢ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠦᠷᠢᠮᠵᠢᠭᠦᠯᠦᠯᠲᠡ᠂ ᠪᠠᠶᠢᠩᠭᠤᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠰᠠᠭᠤᠷᠢ ᠰᠤᠷᠭᠠᠨ ᠬᠥᠮᠦᠵᠢᠯ᠂ | ᠲᠦᠷᠦᠯ ᠵᠦᠢᠯ ᠤᠨ ᠬᠠᠮᠲᠤᠷᠠᠯᠴᠠᠭ᠎ᠠ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ᠃ | | |