​ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 121 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/22
     5 ᠰᠠᠷ᠎ᠠ ᠶᠢᠨ 21 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 121 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠬᠢᠯᠡᠬᠦ ᠦᠶ᠎ᠡ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ︾ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠵᠢᠴᠢ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ᠃     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠲᠤᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠵᠢᠴᠢ ᠬᠤᠶᠠᠷ ᠢ ᠬᠦᠷᠢᠶᠡᠯᠡᠬᠦ ᠠᠵᠢᠯ ᠢ ᠰᠣᠨᠣᠰᠴᠤ ᠰᠤᠳᠤᠯᠤᠨ ᠬᠢᠨᠠᠨ ᠵᠥᠪᠯᠡᠵᠦ᠂ ᠴᠡᠷᠢᠭ ᠢᠶᠠᠨ ᠬᠦᠷᠢᠶᠡᠯᠡᠬᠦ ᠲᠦᠷᠦ ᠶᠢᠨ ᠪᠣᠳᠣᠯᠭ᠎ᠠ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ᠂ ᠴᠡᠷᠢᠭ ᠠᠷᠠᠳ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠦᠯᠢᠶᠡᠨ ᠠᠪᠴᠤ ᠰᠠᠶᠢᠳᠤᠷ ᠳᠦᠪᠬᠢᠨᠡᠬᠦᠯᠦᠨ᠂ ᠤᠶᠢᠯᠡᠴᠢᠯᠡᠭᠡ ᠶᠢ ᠰᠠᠶᠢᠳᠤᠷ ᠪᠠᠳᠤᠯᠠᠵᠤ᠂ ᠰᠤᠷᠭᠠᠨ ᠬᠥᠮᠥᠵᠢᠭᠦᠯᠵᠦ ᠰᠠᠶᠢᠲᠤᠷ ᠬᠠᠮᠢᠶᠠᠷᠤᠨ᠂ ᠦᠢᠯᠡᠳᠦᠯ ᠢ ᠨᠢ ᠰᠠᠶᠢᠲᠤᠷ ᠪᠠᠳᠠᠷᠠᠭᠤᠯᠵᠤ᠂ ᠡᠷᠬᠡ ᠠᠰᠢᠭ ᠢ ᠨᠢ ᠰᠠᠶᠢᠳᠤᠷ ᠬᠠᠮᠠᠭᠠᠯᠠᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠤᠨ ᠯᠢᠶᠤᠤᠶᠠᠩ ᠬᠤᠲᠠ ᠶᠢᠨ ᠴᠠᠭᠠᠨ ᠰᠤᠪᠤᠷᠭ᠎ᠠ ᠲᠣᠭᠤᠷᠢᠭ ᠤᠨ ᠨᠢᠭᠡᠨ ᠵᠣᠴᠢᠳ ᠤᠨ ᠪᠠᠭᠤᠳᠠᠯ ᠳᠤ ᠭᠠᠯ ᠠᠯᠳᠠᠭᠰᠠᠨ ᠬᠡᠷᠡᠭ᠂ ᠭᠦᠢᠵᠧᠦ ᠶᠢᠨ ᠪᠢ ᠵᠢᠶᠧ ᠬᠤᠳᠠ ᠶᠢᠨ ᠴᠢᠶᠠᠨ ᠰᠢ ᠬᠤᠳᠠ ᠶᠢᠨ ᠵᠤᠭᠠᠴᠠᠯ ᠤᠨ ᠣᠩᠭᠤᠴᠠ ᠶᠢᠨ ᠠᠳᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠤᠨ ᠪᠠᠶᠢᠳᠠᠯ ᠢ ᠰᠣᠨᠣᠰᠴᠤ᠂ ᠪᠦᠬᠦ ᠲᠤᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠯᠠᠵᠤ᠂ ᠤᠬᠠᠭᠤᠯᠭ᠎ᠠ ᠰᠡᠷᠡᠮᠵᠢᠯᠡᠭᠦᠯᠬᠦ ᠬᠥᠮᠦᠵᠢᠯ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠡᠯ᠎ᠡ ᠲᠦᠷᠦᠯ ᠤᠨ ᠲᠠᠪᠴᠠᠩ ᠢ ᠭᠦᠢᠴᠡᠳ ᠰᠠᠶᠢᠲᠤᠷ ᠠᠰᠢᠭᠯᠠᠨ᠂ ᠪᠦᠬᠦ ᠠᠵᠢᠯ ᠲᠦᠷᠦᠯ᠂ ᠪᠦᠬᠦ ᠬᠦᠷᠢᠶᠡᠨ ᠳᠤ ᠠᠮᠤᠷ ᠲᠦᠪᠰᠢᠨ ᠤ ᠮᠡᠳᠡᠯᠭᠡ ᠶᠢᠨ ᠶᠡᠭᠡ ᠤᠬᠠᠭᠤᠯᠭ᠎ᠠ᠂ ᠠᠮᠤᠷ ᠲᠦᠪᠰᠢᠨ ᠤ ᠠᠳᠡᠯ ᠤᠨ ᠶᠡᠭᠡ ᠰᠡᠷᠡᠮᠵᠢᠯᠡᠬᠦᠯᠬᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠤᠪᠤᠶᠢᠮ᠎ᠠ ᠠᠰᠠᠭᠤᠳᠠᠯ ᠢ ᠴᠢᠩᠭ᠎ᠠ ᠠᠳᠬᠤᠨ ᠴᠡᠭᠴᠡᠯᠡᠨ ᠰᠠᠶᠢᠵᠢᠷᠠᠭᠤᠯᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠨᠠᠷᠢᠨ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠳᠤᠮᠳᠠᠬᠢ ᠠᠵᠢᠯ ᠦᠯᠦ ᠬᠢᠬᠦ ᠪᠠ ᠠᠯᠮᠠᠶᠢᠷᠠᠨ ᠤᠳᠠᠭᠠᠰᠢᠷᠠᠬᠤ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠳᠠᠢ ᠭᠡᠵᠦ ᠴᠢᠬᠤᠯᠠᠴᠢᠯᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ︾ ᠶᠢ ᠰᠤᠷᠤᠯᠴᠠᠵᠤ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 12 ᠳ᠋ᠤᠭᠠᠷ ᠤᠳᠠᠭᠠᠨ ᠤ ᠬᠤᠷᠠᠯ ᠵᠡᠷᠭᠡ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠲᠤᠭᠤᠷᠢᠭ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠠᠬᠢᠭᠤᠯᠬᠤ ᠠᠵᠢᠯ ᠢ ᠰᠣᠨᠣᠰᠤᠭᠰᠠᠨ ᠪᠥᠭᠡᠳ ᠰᠤᠳᠤᠯᠤᠨ ᠬᠢᠨᠠᠨ ᠵᠥᠪᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠣᠯᠤᠨ ᠴᠢᠩᠭ᠎ᠠ ᠪᠠᠷᠢᠮᠵᠢᠶ᠎ᠠ ᠶᠢ ᠪᠠᠷᠢᠮᠳᠠᠯᠠᠨ᠂ ᠰᠤᠷᠤᠯᠴᠠᠯᠭ᠎ᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠥᠷᠭᠡᠳᠬᠡᠵᠦ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠨ᠂ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ 4 ᠰᠠᠷ᠎ᠠ ᠶᠢᠨ 25 ᠤ ᠡᠳᠦᠷ ᠤᠨ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠠ ᠰᠦᠨ ᠱᠤᠤ ᠴᠧᠩ᠂ ᠸᠠᠩ ᠯᠢ ᠰᠢᠶᠠ ᠨᠥᠬᠦᠷ ᠤᠨ ᠪᠦᠬᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠲᠤᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠰᠣᠨᠣᠰᠴᠤ᠂ ᠬᠦᠴᠦᠨ ᠢᠶᠠᠨ ᠲᠥᠪᠯᠡᠷᠡᠭᠦᠯᠦᠨ ᠪᠡᠯᠡ ᠣᠷᠣᠭᠤᠯᠤᠯᠲᠠ ᠶᠢ ᠪᠠᠬᠢᠵᠢᠬᠦᠯᠵᠤ᠂ ᠣᠷᠣᠯᠭ᠎ᠠ ᠶᠢ ᠪᠠᠳᠤᠯᠠᠨ᠂ ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠣᠷᠣᠭᠤᠯᠤᠯᠲᠠ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠩᠬᠠᠷᠴᠤ᠂ ᠲᠦᠷᠦᠯ ᠵᠦᠢᠯ ᠤᠨ ᠳᠠᠯᠳᠠ ᠬᠦᠴᠦᠨ ᠢ ᠠᠭᠤᠳᠠᠯᠯᠠᠨ᠂ ᠨᠡᠩ ᠶᠡᠭᠡ ᠡᠷᠴᠢᠮ ᠢᠶᠠᠷ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠪᠣᠳᠠᠲᠠᠢ ᠠᠳᠬᠤᠵᠤ᠂ ᠠᠵᠤ ᠠᠬᠤᠢ ᠶᠢᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠵᠤ᠂ ᠪᠦᠬᠦ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠴᠠᠯᠢᠩ ᠬᠦᠯᠦᠰᠦ ᠥᠷᠢᠲᠦᠬᠦ ᠶᠢ ᠵᠠᠰᠠᠬᠤ ᠠᠵᠢᠯ ᠤᠨ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠲᠤᠭᠤᠷᠢᠭ ᠤᠨ ᠴᠠᠯᠢᠩ ᠬᠦᠯᠦᠰᠦ ᠥᠷᠢᠲᠦᠬᠦ ᠶᠢ ᠵᠠᠰᠠᠭᠰᠠᠨ ᠠᠵᠢᠯ ᠤᠨ ᠪᠠᠶᠢᠳᠠᠯ ᠢ ᠰᠣᠨᠣᠰᠴᠤ᠂ ᠴᠠᠯᠢᠩ ᠬᠦᠯᠦᠰᠦ ᠥᠷᠢᠲᠦᠬᠦ ᠶᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠴᠠᠯᠢᠩ ᠬᠦᠯᠦᠰᠦ ᠥᠷᠢᠲᠦᠬᠦ ᠠᠰᠠᠭᠤᠳᠠᠯ ᠢ ᠤᠬᠠᠮᠰᠠᠷ ᠠᠴᠠ ᠪᠠᠨ ᠰᠢᠢᠳᠪᠦᠷᠢᠯᠡᠬᠦ ᠶᠢ ᠠᠷᠠᠳ ᠤᠨ ᠠᠮᠢᠳᠤᠷᠠᠯ ᠤᠨ ᠨᠢᠭᠡᠨ ᠴᠢᠬᠤᠯᠠ ᠪᠣᠳᠠᠲᠤ ᠶᠠᠪᠤᠳᠠᠯ ᠪᠣᠯᠭᠠᠨ ᠠᠳᠬᠤᠵᠤ᠂ ᠠᠰᠠᠭᠤᠳᠠᠯ ᠤᠨ ᠡᠬᠡ ᠲᠠᠩᠰᠠ ᠶᠢ ᠪᠥᠬᠦ ᠲᠠᠯ᠎ᠠ ᠪᠠᠷ ᠤᠶᠢᠯᠠᠭᠠᠨ ᠬᠤᠷᠢᠶᠠᠩᠭᠤᠶᠢᠯᠠᠵᠤ᠂ ᠰᠢᠢᠳᠪᠦᠷᠢᠯᠡᠬᠦ ᠠᠬᠢᠴᠠ ᠶᠢ ᠲᠦᠷᠭᠡᠳᠬᠡᠨ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠠᠵᠢᠯᠯᠠᠵᠤ᠂ ᠵᠥᠷᠢᠴᠡᠯ ᠠᠰᠠᠭᠤᠳᠠᠯ ᠢ ᠦᠨᠡᠨ ᠬᠦ ᠦᠨᠳᠦᠰᠦᠨ ᠱᠠᠲᠤᠨ ᠳᠤ ᠰᠢᠢᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠢᠶ᠎ᠠ ᠶᠢᠨ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠲᠤᠭᠤᠷᠢᠭ ᠤᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠵᠦᠪᠯᠡᠯ ᠤᠨ 2025 ᠣᠨ ᠤ ᠠᠵᠢᠯ ᠤᠨ ᠭᠤᠣᠯᠳᠠᠯᠭ᠎ᠠ︾ ᠶᠢ ᠰᠤᠳᠤᠯᠤᠨ ᠬᠢᠨᠠᠨ ᠵᠥᠪᠯᠡᠵᠦ᠂ ᠡᠯ᠎ᠡ ᠬᠦᠷᠢᠶ᠎ᠡ ᠴᠠᠷᠠᠭ᠎ᠠ ᠡᠯ᠎ᠡ ᠲᠠᠯ᠎ᠠ ᠶᠢᠨ ᠬᠠᠤᠯᠢᠵᠢᠯ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠤᠯᠢᠵᠢᠯ ᠵᠠᠰᠠᠭ ᠤᠨ ᠣᠷᠳᠣᠨ᠂ ᠬᠠᠤᠯᠢᠵᠢᠯ ᠨᠡᠶᠢᠭᠡᠮ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠠᠶᠢᠳᠠᠯ ᠢ ᠰᠣᠨᠣᠰᠴᠤ᠂ ︽ᠳ᠋ᠦᠩᠱᠧᠩ ᠲᠣᠭᠤᠷᠢᠭ ᠤᠨ ᠬᠥᠳᠡᠭᠡ ᠲᠣᠰᠬᠤᠨ ᠤ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠤᠨ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠵᠢᠯ ᠤᠨ ᠪᠠᠶᠢᠳᠠᠯ ᠢ ᠰᠣᠨᠣᠰᠴᠤ᠂ ︽ᠲᠤᠭᠤᠷᠢᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ 2025 ᠣᠨ ᠤ ᠠᠵᠢᠯ ᠤᠨ ᠭᠤᠤᠯᠳᠠᠯᠭ᠎ᠠ︾ ᠶᠢ ᠰᠤᠳᠤᠯᠤᠨ ᠬᠢᠨᠠᠨ ᠵᠥᠪᠯᠡᠵᠦ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠠ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠡᠭᠦᠨ ᠠᠴᠠ ᠭᠠᠳᠠᠨ᠎ᠠ᠂ ᠬᠤᠷᠠᠯ ᠠᠴᠠ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠨᠠᠮ ᠵᠠᠰᠠᠭ ᠤᠨ ᠪᠠᠶᠢᠭᠤᠯᠭ᠎ᠠ ᠠᠷᠪᠢᠯᠠᠨ ᠭᠠᠮᠨᠠᠬᠤ ᠶᠢ ᠡᠷᠬᠢᠮᠯᠡᠵᠦ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ︾ ᠢ ᠳᠠᠷᠤᠮᠠᠯᠯᠠᠨ ᠲᠠᠷᠬᠠᠭᠠᠵᠤ᠂ ᠲᠥᠪ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠠᠯᠪᠠᠨ ᠭᠡᠷ ᠵᠡᠷᠭᠡ ᠶᠢᠨ ᠬᠤᠯᠪᠣᠭᠳᠠᠯ ᠪᠦᠬᠦᠢ ᠵᠠᠷᠯᠠᠯ ᠮᠡᠳᠡᠭᠳᠡᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠬᠤ ᠠᠬᠤᠢ ᠲᠠᠯᠠᠪᠠᠢ ᠶᠢᠨ ᠬᠤᠷᠠᠯ ᠵᠢᠴᠢ ᠪᠦᠬᠦ ᠣᠷᠣᠨ ᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠲᠤᠭᠤᠷᠢᠭ ᠤᠨ ᠬᠠᠮᠢᠶ᠎ᠠ ᠪᠦᠬᠦᠢ ᠠᠵᠢᠯ ᠢ ᠰᠤᠳᠤᠯᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ