ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/22
     5 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠲᠤᠭᠤᠷᠢᠨ ᠳᠤ ᠭᠦᠨᠵᠡᠭᠡᠢ ᠰᠤᠷᠤᠯᠴᠠᠨ ᠤᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠡᠵᠡᠮᠰᠢᠨ ᠲᠤᠤᠱᠯᠠᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ ᠶᠢ ᠰᠤᠳᠤᠯᠤᠨ ᠶᠠᠷᠢᠯᠴᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠳᠠᠯᠪᠢᠪᠠ᠃     ᠬᠤᠷᠠᠯ ᠳᠡᠭᠡᠷ᠎ᠡ᠂ ᠬᠠᠨ ᠲᠤᠤ᠂ ᠯᠢᠦᠶ ᠰᠢᠶᠠᠩ ᠯᠢ᠂ ᠭᠤᠤ ᠮᠢᠩ᠂ ᠯᠢᠦ ᠴᠦᠨ ᠭᠤᠸᠠᠩ᠂ ᠳ᠋ᠦ᠋ ᠵᠢᠶ ᠺᠤᠸᠠᠨ᠂ ᠪᠢᠶᠠᠨ ᠵᠢᠶᠧ᠂ ᠲᠢᠶᠠᠨ ᠶᠤᠸᠠᠢ ᠹᠸᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠭᠤᠤᠯ ᠳᠤᠭᠤᠶᠢᠯᠠᠩ ᠤᠨ ᠪᠤᠰᠤᠳ ᠪᠦᠷᠢᠯᠳᠦᠬᠦᠨ ᠨᠠᠷ ᠪᠢᠴᠢᠭ ᠤᠨ ᠮᠠᠲ᠋ᠧᠷᠢᠶᠠᠯ ᠢᠶᠠᠨ ᠳᠤᠰᠢᠶᠠᠪᠠ᠃     ᠭᠤᠤ ᠢ ᠳ᠋ᠦᠩ᠂ ᠪᠦᠬᠦ ᠲᠤᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠭᠠᠳ ᠣᠯᠤᠭᠰᠠᠨ ᠢᠯᠡᠳᠲᠡ ᠦᠷ᠎ᠡ ᠪᠦᠲᠦᠮᠵᠢ ᠪᠣᠯᠤᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠣᠶᠢᠯᠠᠭᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠢᠯᠡ ᠲᠣᠳᠣ ᠠᠷᠠᠳ ᠲᠦᠮᠡᠨ ᠤ ᠵᠣᠭᠰᠣᠯᠲᠠ᠂ ᠡᠷᠡᠰ ᠬᠠᠲᠠᠭᠤ ᠵᠣᠷᠢᠭ ᠰᠠᠨᠠᠭ᠎ᠠ ᠵᠠᠩ ᠴᠢᠨᠠᠷ ᠪᠠ ᠴᠢᠩᠭ᠎ᠠ ᠬᠦᠴᠦᠲᠡᠢ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠣᠶᠢᠯᠠᠭᠠᠵᠤ᠂ ᠤᠨᠤᠯ ᠤᠨ ᠬᠡᠪ ᠪᠣᠯᠪᠠᠰᠤᠷᠠᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠳᠤᠳᠬᠠᠨ᠂ ︽ᠬᠤᠶᠠᠷ ᠢ ᠲᠣᠭᠲᠠᠭᠠᠬᠤ︾ ᠶᠢ ᠤᠬᠠᠮᠰᠠᠷ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠰᠢᠯᠭᠠᠷᠠᠭᠰᠠᠨ ᠰᠤᠷᠲᠠᠯ ᠢᠶᠠᠷ ᠳᠦᠷᠢ ᠲᠥᠷᠬᠦ ᠶᠢ ᠪᠤᠶ ᠪᠣᠯᠭᠠᠵᠤ᠂ ᠠᠷᠠᠳ ᠤᠨ ᠰᠡᠳᠬᠢᠯ ᠢ ᠨᠢᠭᠲᠠᠷᠠᠭᠤᠯᠤᠨ᠂ ᠬᠥᠭᠵᠢᠯᠲᠡ ᠶᠢ ᠠᠬᠢᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠤᠷᠢᠯᠡᠨ᠂ ᠤᠷᠤᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠳᠡᠭᠡᠭᠰᠢᠯᠡᠭᠦᠯᠬᠦ᠂ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠵᠢᠴᠢ ᠭᠡᠷ ᠪᠠᠶᠢᠰᠢᠩ ᠭᠠᠵᠠᠷ ᠬᠦᠷᠦᠩᠭᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠠᠨ ᠲᠦᠮᠡᠨ ᠳᠤ ᠰᠤᠷᠲᠠᠯ ᠤᠨ ᠪᠠᠶᠢᠭᠤᠯᠤᠯᠲᠠ ᠶᠢᠨ ᠠᠵᠢᠯᠯᠠᠭ᠎ᠠ ᠶᠢᠨ ᠦᠷ᠎ᠡ ᠪᠦᠳᠦᠮᠵᠢ ᠶᠢ ᠬᠠᠷᠠᠭᠤᠯᠬᠤ ᠬᠡᠷᠡᠭᠳᠠᠢ᠃ ᠭᠦᠨᠵᠡᠭᠡᠢ ᠰᠤᠷᠤᠯᠴᠠᠨ ᠨᠠᠷᠢᠨ ᠤᠶᠢᠯᠠᠭᠠᠵᠤ᠂ ᠵᠢᠱᠢᠶ᠎ᠡ ᠦᠵᠡᠭᠦᠯᠦᠨ ᠳᠠᠶᠢᠴᠢᠯᠠᠵᠤ᠂ ᠰᠣᠷᠣᠭᠰᠠᠨ ᠢᠶᠠᠨ ᠬᠡᠷᠡᠭᠯᠡᠬᠦ ᠳᠡᠭᠡᠷ᠎ᠡ ᠬᠦᠴᠦ ᠳᠠᠯᠪᠢᠨ᠂ ᠦᠪᠡᠷ ᠤᠨ ᠪᠠᠶᠢᠴᠠᠭᠠᠯᠳᠠ ᠪᠠ ᠵᠣᠬᠢᠶᠠᠨ ᠪᠠᠶᠢᠭᠤᠯᠤᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠶᠢ ᠬᠤᠯᠪᠤᠯᠳᠤᠭᠤᠯᠬᠤ ᠲᠣᠭᠲᠠᠴᠠ ᠶᠢ ᠪᠠᠶᠢᠭᠤᠯᠵᠤ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠠᠳᠬᠤᠬᠤ ᠶᠢ ᠵᠡᠷᠭᠡᠪᠡᠷ ᠬᠦᠴᠦᠯᠡᠬᠦ ᠶᠢ ᠠᠬᠢᠭᠤᠯᠵᠤ᠂ ᠰᠤᠷᠤᠯᠴᠠᠯᠭ᠎ᠠ ᠶᠢᠨ ᠰᠢᠰᠲ᠋ᠧᠮᠲᠦ ᠴᠢᠨᠠᠷ ᠢ ᠳᠡᠭᠡᠭᠰᠢᠯᠡᠬᠦᠯᠦᠨ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠵᠤ᠂ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠦᠷᠭᠡᠳᠬᠡᠨ᠂ ᠲᠦᠷᠢᠮ ᠤᠨ ᠴᠢᠩᠭ᠎ᠠ ᠬᠢᠵᠠᠭᠠᠷᠯᠠᠯ ᠢ ᠴᠢᠩᠭᠠᠳᠬᠠᠵᠤ᠂ ᠰᠠᠬᠢᠯᠭ᠎ᠠ ᠪᠠᠲᠤ ᠳᠦᠷᠢᠮ ᠲᠤᠭᠳᠠᠭᠠᠯ ᠤᠨ ᠴᠢᠩᠭ᠎ᠠ ᠴᠢᠨᠠᠷ ᠢ ᠢᠯᠡᠷᠡᠬᠦᠯᠵᠤ᠂ ᠰᠤᠷᠲᠠᠯ ᠤᠨ ᠪᠠᠶᠢᠭᠤᠯᠤᠯᠲᠠ ᠶᠢ ᠦᠨᠡᠨ ᠪᠣᠳᠠᠲᠠᠢ ᠬᠢᠵᠦ᠂ ᠪᠣᠳᠠᠲᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ