ᠳ᠋ᠦᠩᠱᠧᠩ ᠲᠤᠭᠤᠷᠢᠭ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/22
     5 ᠰᠠᠷ᠎ᠠ ᠶᠢᠨ 21 ᠤ ᠡᠳᠦᠷ᠂ ᠳ᠋ᠦᠡᠭᠱᠧᠩ ᠲᠤᠭᠤᠷᠢᠭ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠠᠷᠢᠭᠤᠨ ᠴᠢᠬᠡᠴᠢ ᠪᠠᠷ ᠭᠦᠢᠴᠡᠳᠬᠡᠬᠦ ᠲᠣᠭᠲᠠᠭᠠᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ︽ᠳᠦᠷᠢᠮᠵᠢᠯᠳᠡ᠂ ᠬᠠᠤᠯᠢᠵᠢᠯᠳᠡ᠂ ᠵᠢᠷᠤᠮᠵᠢᠯᠳᠠ︾ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ᠂ ᠦᠨᠳᠦᠰᠦᠨ ᠱᠠᠲᠤᠨ ᠤ ᠪᠠᠭ᠎ᠠ ᠵᠢᠵᠢᠭ ᠡᠷᠬᠡ ᠶᠢᠨ ᠠᠵᠢᠯᠯᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠬᠡᠷᠡᠭ ᠪᠠᠶᠢᠪᠠᠯ ᠵᠠᠪᠠᠯ ᠪᠠᠶᠢᠴᠠᠭᠠᠬᠤ᠂ ᠦᠴᠦᠬᠡᠨ ᠴᠤ ᠢᠯᠳᠠᠷ ᠬᠠᠶᠠᠬᠤ ᠦᠭᠡᠢ ᠪᠠᠶᠢᠬᠤ ᠶᠢ ᠪᠡᠶᠡᠯᠡᠬᠦᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠦᠨᠳᠦᠰᠦᠨ ᠱᠠᠲᠤ᠂ ᠤᠯᠠᠨ ᠲᠦᠮᠡᠨ ᠤ ᠳᠡᠷᠭᠡᠳᠡ ᠬᠦᠷᠲᠡᠯ᠎ᠡ ᠦᠷᠭᠡᠳᠬᠡᠬᠦ ᠬᠡᠷᠡᠭᠲᠡᠢ︔ ᠲᠦᠷᠢᠮ ᠤᠨ ᠪᠠᠶᠢᠭᠤᠯᠤᠯᠲᠠ ᠪᠣᠯᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠤᠶᠠᠯᠳᠤᠭᠤᠯᠤᠨ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠵᠠᠰᠠᠯᠲᠠ ᠶᠢ ᠠᠬᠢᠭᠤᠯᠬᠤ ᠶᠢ ᠴᠢᠨᠠᠷ ᠰᠠᠶᠢᠲᠠᠢ ᠥᠷᠨᠢᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠨ ᠦᠩᠭᠡᠨ ᠲᠠᠯ᠎ᠠ ᠪᠠ ᠦᠨᠳᠦᠰᠦ ᠠᠴᠠ ᠨᠢ ᠵᠡᠷᠭᠡᠪᠡᠷ ᠵᠠᠰᠠᠬᠤ ᠶᠢ ᠠᠬᠢᠭᠤᠯᠬᠤ ᠬᠡᠷᠡᠭᠲᠡᠢ︔ ᠲᠤᠰᠬᠠᠢ ᠴᠡᠭᠴᠡᠯᠡᠨ ᠵᠠᠰᠠᠯᠲᠠ ᠶᠢ ᠰᠠᠶᠢᠲᠤᠷ ᠪᠣᠳᠠᠲᠠᠢ ᠠᠳᠬᠤᠵᠤ᠂ ᠬᠦᠴᠦ ᠪᠠᠨ ᠲᠥᠪᠯᠡᠷᠡᠭᠦᠯᠦᠨ ᠣᠷᠣᠰᠢᠭᠤᠯᠭ᠎ᠠ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠬᠥᠳᠡᠭᠡ ᠲᠣᠰᠬᠤᠨ ᠤ ︽ᠪᠡᠯᠡ ᠮᠦᠩᠬᠦ᠂ ᠡᠳ᠋ ᠬᠦᠷᠦᠩᠬᠡ᠂ ᠡᠬᠢ ᠪᠠᠶᠠᠯᠢᠭ︾ ᠤᠨ ᠬᠠᠮᠢᠶᠠᠷᠤᠯᠲᠠ᠂ ︽ᠰᠤᠷᠭᠠᠭᠤᠯᠢ ᠶᠢᠨ ᠬᠦᠷᠢᠶᠡᠨ ᠢ ᠬᠤᠭᠤᠯᠠ ᠤᠮᠳᠠᠭᠠᠨ︾ ᠵᠡᠷᠭᠡ ᠬᠦᠷᠢᠶ᠎ᠡ ᠴᠠᠷᠠᠭᠠᠨ ᠤ ᠲᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠠᠰᠠᠭᠤᠳᠠᠯ ᠤᠨ ᠲᠣᠭᠤᠷᠢᠨ ᠳᠤ ᠵᠠᠰᠠᠯᠲᠠ ᠶᠢ ᠬᠦᠨᠵᠡᠭᠡᠶᠢᠷᠡᠬᠦᠯᠦᠨ᠂ ᠪᠣᠳᠠᠲᠠᠢ ᠦᠷ᠎ᠡ ᠪᠦᠲᠦᠮᠵᠢ ᠪᠠᠷ ᠢᠶᠠᠨ ᠤᠯᠠᠨ ᠲᠦᠮᠡᠨ ᠳᠤ ᠠᠮᠠᠯᠠᠯᠲᠠ ᠪᠠᠨ ᠪᠡᠶᠡᠯᠡᠭᠦᠯᠬᠦ ᠬᠡᠷᠡᠭᠲᠡᠢ︔ ︽ᠳᠦᠷᠢᠮᠵᠢᠯᠳᠡ᠂ ᠬᠠᠤᠯᠢᠵᠢᠯᠳᠡ᠂ ᠵᠢᠷᠤᠮᠵᠢᠯᠳᠠ︾ ᠶᠢᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠳᠦᠪᠯᠡᠷᠡᠬᠦᠯᠦᠨ᠂ ᠦᠨᠳᠦᠰᠦᠨ ᠬᠡᠪ ᠪᠣᠯᠪᠠᠰᠤᠷᠠᠯ ᠢ ᠬᠦᠴᠦᠯᠡᠨ ᠴᠢᠩᠭᠠᠳᠬᠠᠵᠤ᠂ ᠪᠤᠳᠠᠳᠠᠢ ᠤᠶᠢᠯᠡᠳᠤᠯᠬᠡ ᠪᠤᠯᠪᠠᠰᠤᠷᠠᠯ ᠢ ᠲᠤᠪᠤᠶᠢᠯᠭᠠᠨ᠂ ᠪᠤᠳᠠᠳᠠᠢ ᠠᠵᠢᠯᠯᠠᠬᠤ ᠪᠠᠷ ᠪᠣᠯᠪᠠᠰᠤᠷᠠᠯ ᠢ ᠣᠷᠣᠯᠠᠭᠤᠯᠬᠤ ᠶᠢ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠪᠠᠶᠢᠭᠤᠯᠤᠯᠲᠠ᠂ ᠴᠢᠳᠠᠪᠤᠷᠢ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠠᠷᠢᠭᠤᠨ ᠴᠢᠬᠡᠴᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠡᠭᠡᠭᠰᠢᠯᠡᠬᠦᠯᠦᠨ᠂ ᠪᠦᠬᠦ ᠲᠠᠯ᠎ᠠ ᠪᠠᠷ ᠰᠢᠯᠭᠠᠷᠠᠬᠤ ᠶᠢ ᠠᠬᠢᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠦᠷᠢᠮᠵᠢᠭᠰᠡᠨ᠂ ᠬᠠᠤᠯᠢᠵᠢᠭᠰᠠᠨ᠂ ᠵᠢᠷᠤᠮᠵᠢᠭᠰᠠᠨ ᠪᠠᠶᠢᠭᠤᠯᠤᠯᠲᠠ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠪᠦᠬᠦ ᠶᠠᠪᠤᠴᠠ  ᠳᠤ ᠲᠤᠤᠱᠯᠠᠭᠤᠯᠵᠤ᠂ ᠰᠢᠨ᠎ᠡ ᠠᠶᠠᠨ ᠵᠠᠮ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ