ᠭᠤᠤ ᠢ ᠳ᠋ᠦᠩ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠸᠧᠢ ᠢᠦᠢ ᠨᠠᠷ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2025/5/22
     5 ᠰᠠᠷ᠎ᠠ ᠶᠢᠨ 21 ᠤ ᠡᠳᠦᠷ᠂ ᠤᠷᠳᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠸᠧᠢ ᠢᠦᠢ ᠨᠡᠷ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠵᠠᠰᠠᠭ ᠪᠠᠩᠬᠢ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠲᠤᠬᠠᠢ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ᠃     ᠭᠤᠤ ᠢ ᠳ᠋ᠦᠩ ᠸᠧᠢ ᠢᠦᠢ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠶᠠᠭ ᠬᠦᠴᠦ ᠪᠠᠨ ᠲᠥᠪᠯᠡᠷᠡᠭᠦᠯᠦᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠷᠢᠴᠠᠩᠭᠤᠢ ᠳᠠᠪᠠᠭᠤᠯᠢᠭ ᠲᠤᠪᠤᠶᠢᠮ᠎ᠠ᠂ ᠬᠥᠭᠵᠢᠯᠲᠡ ᠶᠢᠨ ᠳᠠᠯᠳᠠ ᠬᠦᠴᠦᠨ ᠴᠢᠩᠭ᠎ᠠ ᠪᠠᠶᠢᠵᠤ᠂ ᠬᠥᠭᠵᠢᠯᠲᠡ ᠶᠢᠨ ᠣᠷᠣᠨ ᠵᠠᠢ ᠮᠠᠰᠢ ᠥᠷᠭᠡᠨ ᠠᠭᠤᠳᠠᠮ ᠪᠠᠶᠢᠨ᠎ᠠ᠃ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠮᠥᠩᠭᠦᠨ ᠭᠦᠢᠯᠭᠡᠭᠡᠨ ᠤ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠲᠤᠯᠭᠠᠭᠤᠷᠢᠯᠠᠨ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠬᠡᠷᠡᠭᠴᠡᠭᠡ ᠪᠠᠨ ᠪᠦᠬᠦ ᠲᠠᠯ᠎ᠠ ᠪᠠᠷ ᠡᠮᠬᠢᠳᠬᠡᠨ᠂ ᠤᠨᠢᠨ ᠳᠡᠭᠡᠷ᠎ᠡ ᠨᠢ ᠵᠣᠯᠭᠠᠭᠤᠯᠤᠨ ᠬᠠᠮᠲᠤᠷᠠᠯᠴᠠᠵᠤ᠂ ᠢᠲᠡᠭᠡᠯ ᠲᠠᠢ᠂ ᠬᠠᠮᠳᠤᠷᠠᠯᠴᠠᠭᠰᠠᠨ᠂ ᠬᠠᠷᠢᠯᠴᠠᠨ ᠠᠰᠢᠭ ᠲᠠᠢ ᠪᠠᠩᠬᠢ ᠪᠠ ᠠᠵᠤ ᠠᠬᠤᠶᠢᠯᠠᠯ ᠤᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠤᠨ᠎ᠠ ᠭᠡᠪᠡ᠃     ᠸᠧᠶ ᠢᠦᠶ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠤᠭᠰᠠᠨ ᠪᠥᠭᠡᠳ ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠥᠩᠭᠦᠨ ᠭᠦᠢᠯᠭᠡᠭᠡᠨ ᠤ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠣᠷᠣᠨ ᠨᠤᠲᠤᠭ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠮᠥᠩᠭᠦᠨ ᠭᠦᠢᠯᠭᠡᠭᠡᠨ ᠤ ᠪᠦᠳᠦᠭᠡᠭᠳᠡᠬᠦᠨ ᠪᠠ ᠦᠢᠯᠡᠴᠢᠯᠡᠭᠡ ᠶᠢ ᠲᠠᠰᠤᠷᠠᠯᠲᠠ ᠥᠬᠡᠶ ᠰᠢᠯᠢᠳᠡᠭᠵᠢᠬᠦᠯᠦᠨ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠮᠥᠩᠭᠦᠨ ᠭᠦᠢᠯᠭᠡᠭᠡᠨ ᠤ ᠠᠮᠢᠵᠢᠷᠠᠯ ᠤᠨ ᠬᠦᠴᠦᠨ ᠢ ᠨᠡᠮᠡᠷᠢᠯᠡᠨ᠎ᠡ ᠭᠡᠵᠦ ᠢᠯᠡᠳᠬᠡᠪᠡ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠳᠠᠳ ᠶᠠᠷᠢᠯᠴᠠᠬᠤ ᠬᠤᠷᠠᠯ ᠳᠤ ᠣᠷᠣᠯᠴᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ