ᠨᠢᠭᠡ ᠲᠠᠯ᠎ᠠ ᠨᠢ ᠨᠣᠮᠢᠨ ᠨᠣᠭᠤᠭᠠᠨ ᠥᠨᠳᠦᠷᠯᠢᠭ ᠤᠨ ᠠᠭᠤᠯᠠ ᠤᠰᠤ᠂ ᠨᠦᠭᠦᠭᠡ ᠲᠠᠯ᠎ᠠ ᠨᠢ ᠲᠡᠭᠷᠢ ᠭᠠᠵᠠᠷ ᠢᠵᠢᠯᠬᠡᠨ ᠦᠩᠬᠡ ᠲᠠᠢ ᠰᠢᠷ᠎ᠠ ᠲᠠᠩᠭᠢᠰ ᠤᠨ | ᠡᠷᠬᠢ᠂ ︽ᠬᠠᠳᠤᠨ ᠭᠤᠣᠯ ᠤᠨ ᠶᠢᠰᠦᠨ ᠨᠤᠭᠤᠯᠤᠭ᠎ᠠ︾ ᠶᠢᠨ ᠡᠯᠢᠬᠡᠨ ᠳᠤ᠂ ᠳ᠋ᠦᠩᠱᠧᠩ ᠲᠣᠭᠤᠷᠢᠭ ᠪᠣᠯᠣᠨ ᠿᠢ ᠵᠤᠤ ᠬᠤᠳᠠ ᠶᠢᠨ ᠳ᠋ᠦᠩ ᠭᠠᠩ ᠬᠤᠶᠠᠷ | ᠵᠤᠭᠠᠴᠠᠯ ᠤᠨ ᠬᠤᠳᠠ 1200 ᠺᠢᠯᠤᠮᠧᠲᠷ ᠤᠨ ᠠᠯᠤᠰ ᠠᠴᠠ ᠬᠠᠷᠢᠯᠴᠠᠨ ᠭᠠᠷ ᠭᠠᠷ ᠢᠶᠠᠨ ᠬᠤᠯᠪᠣᠵᠤ᠂ ᠰᠣᠶᠣᠯ ᠵᠤᠭᠠᠴᠠᠯ ᠤᠨ ᠬᠥᠭᠵᠢᠮ ᠤᠨ ᠬᠠᠭᠤᠳᠠᠰᠤ ᠶᠢ | ᠬᠠᠮᠲᠤ ᠪᠠᠷ ᠴᠢᠪᠬᠠᠳᠠᠪᠠ᠃ ᠦᠢᠷ᠎ᠠ ᠳᠤ᠂ ︽ᠲᠠᠯ᠎ᠠ ᠨᠤᠲᠤᠭ ᠢᠶᠠᠷ ᠥᠩᠭᠡᠷᠡᠨ ᠠᠭᠤᠯᠠ ᠳᠠᠯᠠᠢ ᠲᠠᠢ ᠪᠣᠯᠵᠣᠬᠤ︾ ᠿᠢ ᠵᠤᠤ ᠬᠤᠳᠠ ᠶᠢᠨ ᠳ᠋ᠦᠩ ᠭᠠᠩ | ᠲᠣᠭᠤᠷᠢᠭ ᠤᠨ ᠰᠣᠶᠣᠯ ᠵᠤᠭᠠᠴᠠᠯ ᠤᠨ ᠬᠢᠨ ᠪᠣᠯᠣᠨ ᠣᠷᠣᠰᠢᠨ ᠰᠠᠭᠤᠬᠤ ᠳᠤ ᠲᠣᠬᠢᠷᠠᠮᠵᠢᠲᠠᠢ ᠡᠷᠡᠬᠦᠯᠵᠢᠯ ᠰᠤᠪᠢᠯᠠᠯᠳᠠ ᠶᠢᠨ ᠠᠵᠤ ᠦᠢᠯᠡᠰ ᠤᠨ | ᠲᠠᠨᠢᠯᠴᠠᠭᠤᠯᠭ᠎ᠠ ᠶᠢᠨ ᠠᠵᠢᠯᠯᠠᠭ᠎ᠠ ᠳ᠋ᠦᠩᠱᠧᠩ ᠳᠤ ᠢᠷᠡᠵᠦ᠂ ᠰᠣᠶᠣᠯ ᠵᠤᠭᠠᠴᠠᠯ ᠤᠨ ᠡᠬᠢ ᠪᠠᠶᠠᠯᠢᠭ ᠢ ᠲᠠᠨᠢᠯᠴᠠᠭᠤᠯᠵᠤ᠂ ᠭᠤᠣᠯᠳᠠᠯᠭ᠎ᠠ ᠲᠠᠢ ᠵᠤᠭᠠᠴᠠᠯ ᠣᠷᠣᠰᠢᠨ | ᠰᠠᠭᠤᠬᠤ ᠳᠤ ᠲᠣᠬᠢᠷᠠᠮᠵᠢᠲᠠᠢ ᠡᠷᠡᠬᠦᠯᠵᠢᠯ ᠰᠤᠪᠢᠯᠠᠯᠲᠠ ᠶᠢᠨ ᠲᠦᠷᠦᠯ ᠵᠦᠢᠯ ᠢ ᠨᠡᠶᠢᠲᠡᠯᠡᠪᠡ᠃ | | | | ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠳ᠋ᠦᠩ ᠭᠠᠩ ᠲᠣᠭᠤᠷᠢᠭ ᠤᠨ ᠰᠣᠶᠣᠯ ᠪᠠ ᠵᠤᠭᠠᠴᠠᠯ ᠤᠨ ᠲᠣᠪᠴᠢᠶ᠎ᠠ ᠠᠴᠠ ᠠᠮᠢ ᠠᠬᠤᠢ ᠶᠢᠨ ᠵᠤᠭᠠᠴᠠᠯ ᠤᠨ | ᠭᠤᠷᠪᠠᠨ ᠱᠤᠭᠤᠮ ᠢ ᠨᠡᠶᠢᠲᠡᠯᠡᠭᠰᠡᠨ ᠤ ᠬᠠᠮᠲᠤ᠂ ᠳ᠋ᠦᠩ ᠭᠠᠩ ᠲᠣᠭᠤᠷᠢᠭ ᠤᠨ ᠲᠦᠷᠦᠯ ᠵᠦᠢᠯ ᠤᠷᠢᠬᠤ᠂ ᠴᠢᠳᠠᠪᠤᠷᠢᠲᠠᠨ ᠤᠷᠢᠬᠤ ᠦᠢᠯᠡᠴᠢᠯᠡᠭᠡᠨ ᠤ ᠲᠦᠷᠦ ᠶᠢᠨ | ᠪᠣᠳᠣᠯᠭ᠎ᠠ ᠶᠢ ᠬᠤᠪᠢᠶᠠᠯᠴᠠᠵᠤ᠂ ᠣᠷᠳᠣᠰ ᠲᠠᠢ ᠬᠠᠮᠲᠤ ᠪᠠᠷ ᠬᠦᠭᠵᠢᠬᠦ ᠶᠢ ᠣᠷᠢᠪᠠ᠃ ᠠᠵᠢᠯᠯᠠᠭᠠᠨ ᠤ ᠳᠤᠮᠳᠠ᠂ ᠬᠤᠶᠠᠷ ᠭᠠᠵᠠᠷ ᠤᠨ ᠬᠢᠨ ᠪᠠᠰᠠ ᠨᠢᠭᠡ ᠪᠦᠯᠦᠭ | ᠬᠤᠳᠠ ᠶᠢᠨ ᠬᠤᠭᠤᠷᠣᠨᠳᠣᠬᠢ ᠬᠠᠮᠲᠤᠷᠠᠯᠴᠠᠭᠠᠨ ᠤ ᠲᠦᠷᠦᠯ ᠵᠦᠢᠯ ᠤᠨ ᠲᠤᠬᠠᠢ ᠭᠡᠷ᠎ᠡ ᠲᠣᠭᠲᠠᠵᠤ᠂ ᠰᠣᠶᠣᠯ ᠵᠤᠭᠠᠴᠠᠯ᠂ ᠡᠷᠡᠬᠦᠯᠵᠢᠯ ᠰᠤᠪᠢᠯᠠᠯᠳᠠ᠂ ᠰᠤᠳᠤᠯᠤᠨ | ᠰᠤᠷᠤᠯᠴᠠᠬᠤ᠂ ᠠᠷᠠᠯᠵᠢᠶ᠎ᠠ ᠬᠤᠳᠠᠯᠳᠤᠭ᠎ᠠ᠂ ᠠᠵᠤ ᠦᠢᠯᠡᠰ ᠤᠨ ᠢᠨᠲ᠋ᠧᠷ ᠰᠦᠯᠵᠢᠶ᠎ᠡ ᠵᠡᠷᠭᠡ ᠤᠯᠠᠨ ᠬᠦᠷᠢᠶ᠎ᠡ ᠶᠢ ᠬᠠᠮᠤᠷᠴᠠᠢ᠃ ᠣᠷᠣᠨ ᠪᠦᠰᠡ ᠶᠢᠨ | ᠬᠠᠮᠵᠢᠯᠴᠠᠭᠰᠠᠨ ᠬᠥᠭᠵᠢᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠰᠣᠶᠣᠯ ᠪᠠ ᠠᠮᠢ ᠠᠬᠤᠢ ᠶᠢᠨ ᠡᠬᠢ ᠪᠠᠶᠠᠯᠢᠭ ᠤᠨ ᠴᠠᠭ | ᠦᠶ᠎ᠡ ᠶᠢᠨ ᠦᠷᠳᠡᠭ ᠢ ᠭᠦᠨᠵᠡᠭᠡᠢ ᠠᠭᠤᠳᠠᠯᠵᠤ᠂ ᠪᠦᠬᠦ ᠲᠠᠯ᠎ᠠ ᠶᠢᠨ᠂ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠦᠢᠯᠡᠳᠬᠦᠨ ᠢᠶᠠᠨ ᠬᠠᠷᠢᠯᠴᠠᠨ | ᠳᠠᠨᠢᠯᠴᠠᠭᠤᠯᠬᠤ᠂ ᠮᠡᠳᠡᠭᠡ ᠵᠠᠩᠭᠢ ᠶᠢ ᠬᠠᠷᠢᠯᠴᠠᠨ ᠨᠡᠪᠳᠡᠷᠡᠯᠴᠡᠬᠦᠯᠬᠦ᠂ ᠲᠦᠷᠦ ᠶᠢᠨ ᠪᠣᠳᠣᠯᠭ᠎ᠠ ᠶᠢᠨ ᠬᠠᠷᠢᠯᠴᠠᠨ ᠬᠠᠷᠠᠭᠠᠯᠵᠠᠯ ᠦᠵᠡᠭᠦᠯᠵᠦ ᠬᠠᠮᠲᠤᠷᠠᠨ | ᠬᠦᠴᠦᠯᠡᠬᠦ ᠶᠢᠨ ᠲᠣᠭᠤᠷᠢᠨ ᠳᠤ ᠡᠬᠢ ᠪᠠᠶᠠᠯᠢᠭ ᠢ ᠬᠠᠮᠳᠤᠪᠡᠷ ᠡᠳ᠋ᠯᠡᠬᠦ᠂ ᠬᠥᠭᠵᠢᠯᠲᠡ ᠢᠶᠠᠨ ᠬᠠᠷᠢᠯᠴᠠᠨ ᠠᠬᠢᠭᠤᠯᠬᠤ ᠶᠢ ᠪᠡᠶᠡᠯᠡᠬᠦᠯᠬᠦ ᠪᠤᠯᠤᠨ᠎ᠠ᠃ | ︽ᠵᠤᠷᠢᠯᠳᠠ ᠨᠢᠬᠡᠳᠪᠡᠰᠤ ᠠᠭᠤᠯᠠ ᠳᠠᠯᠠᠢ ᠶᠢ ᠬᠤᠯᠠ ᠬᠡᠮᠡᠨ ᠦᠯᠦ ᠪᠤᠳᠤᠮᠤᠢ︾᠃ ᠳ᠋ᠦᠩᠱᠧᠩ ᠲᠣᠭᠤᠷᠢᠭ ᠤᠨ ᠬᠢᠨ ᠴᠤ ᠣᠷᠣᠨ ᠪᠦᠰᠡ ᠶᠢᠨ | ᠬᠠᠮᠲᠤᠷᠠᠯᠴᠠᠭ᠎ᠠ ᠶᠢ ᠬᠦᠨᠵᠡᠬᠡᠶᠢᠷᠡᠬᠦᠯᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠨᠡᠭᠡᠭᠡᠯᠲᠡ ᠬᠢᠬᠦ ᠤᠪᠤᠷ᠂ ᠤᠷᠤᠭᠰᠢᠯᠠᠨ ᠳᠠᠪᠰᠢᠬᠤ ᠰᠡᠳᠬᠢᠯᠭᠡ ᠪᠠᠷ | ᠬᠠᠮᠲᠤᠷᠠᠯᠴᠠᠭᠠᠨ ᠤ ᠬᠦᠷᠢᠶ᠎ᠡ ᠪᠠᠨ ᠪᠦᠬᠦ ᠲᠠᠯ᠎ᠠ ᠪᠠᠷ ᠥᠷᠭᠡᠳᠬᠡᠵᠦ᠂ ᠤᠨᠢᠨ ᠳᠡᠭᠡᠷ᠎ᠡ ᠨᠢ ᠬᠦᠴᠦᠯᠡᠵᠦ᠂ ᠠᠵᠤ ᠠᠬᠤᠢ ᠶᠢᠨ ᠨᠡᠮᠡᠭᠳᠡᠯ ᠳᠤ ᠲᠠᠰᠤᠷᠠᠯᠳᠡ ᠦᠭᠡᠢ | ᠠᠮᠢᠵᠢᠷᠠᠯ ᠤᠨ ᠬᠦᠴᠦᠨ ᠨᠡᠮᠡᠷᠢᠯᠡᠵᠤ ᠪᠠᠶᠢᠨ᠎ᠠ᠃ | | | | ᠳ᠋ᠦᠩᠱᠧᠩ ᠲᠣᠭᠤᠷᠢᠭ ᠪᠣᠯᠣᠨ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠡ ᠶᠢᠨ ᠲᠣᠭᠤᠷᠢᠭ ᠬᠠᠮᠵᠢᠯᠴᠠᠨ ᠬᠥᠭᠵᠢᠬᠦ | ᠰᠢᠨ᠎ᠡ ᠲᠥᠰᠥᠪ ᠢ ᠵᠢᠷᠤᠭᠯᠠᠵᠤ᠂ ᠰᠢᠨ᠎ᠡ ᠶᠢ ᠡᠭᠦᠳᠬᠦ ᠪᠠᠷ ᠪᠢᠷ ᠪᠤᠯᠭᠠᠨ᠂ ᠠᠵᠤ ᠦᠢᠯᠡᠰ ᠢᠶᠠᠷ ᠪᠡᠭᠡ ᠪᠠᠨ ᠪᠣᠯᠭᠠᠵᠤ᠂ ᠣᠷᠣᠨ ᠪᠦᠰᠡ ᠶᠢᠨ ᠠᠵᠤ ᠠᠬᠤᠢ ᠶᠢᠨ | ᠵᠢᠷᠤᠭ ᠳᠡᠭᠡᠷ᠎ᠡ ᠭᠦᠨᠵᠡᠭᠡᠢ ᠠᠭᠤᠰᠤᠯᠴᠠᠭᠰᠠᠨ ᠠᠮᠢᠳᠤᠯᠢᠭ ᠦᠢᠯᠡᠳᠦᠯᠭᠡ ᠶᠢ ᠪᠢᠴᠢᠭᠯᠡᠵᠤ ᠪᠠᠶᠢᠨ᠎ᠠ᠃ ᠠᠳᠡ᠂ ᠲᠤᠷᠰᠢᠯᠲᠠ ᠶᠢᠨ ᠲᠠᠰᠤᠭ ᠤᠨ ᠤᠶᠤᠨ ᠤᠬᠠᠭᠠᠨ ᠤ | ᠭᠡᠷᠡᠯ ᠭᠢᠯᠪᠠᠭ᠎ᠠ ᠪᠣᠯᠣᠨ ᠠᠵᠤ ᠦᠢᠯᠡᠰ ᠤᠨ ᠬᠦᠷᠢᠶᠡᠯᠡᠩ ᠤᠨ ᠮᠠᠰᠢᠨ ᠮᠧᠬᠠᠨᠢᠭ ᠤᠨ ᠬᠦᠩᠭᠢᠨᠡᠮ᠎ᠡ ᠳᠠᠭᠤᠨ ᠨᠢ ᠦᠢᠯᠡᠳᠪᠦᠷᠢᠯᠡᠯ ᠰᠤᠳᠤᠯᠭᠠᠨ ᠤ ᠳᠠᠭᠤᠨ ᠢ | ᠴᠤᠤᠷᠢᠶᠠᠲᠤᠭᠤᠯᠵᠤ᠂ ᠨᠠᠲᠷᠢ ᠢᠶᠤᠨ ᠤ ᠳ᠋ᠢᠶᠠᠨ ᡂᠢ ᠶᠢᠨ ᠮᠡᠷᠭᠡᠵᠢᠯ ᠨᠢ ᠲᠤᠷᠰᠢᠯᠲᠠ ᠶᠢᠨ ᠲᠠᠰᠤᠭ ᠤᠨ ᠵᠠᠮᠪᠠ ᠶᠢ ᠰᠢᠪᠳᠤᠯᠤᠨ᠂ ᠠᠵᠤ ᠦᠢᠯᠡᠰᠵᠢᠯᠲᠡ ᠶᠢᠨ | ᠤᠷᠤᠰᠬᠠᠯ ᠳᠤᠮᠳᠠ ᠮᠡᠷᠭᠡᠵᠢᠯ ᠤᠨ ᠲᠤᠩᠭᠠᠯᠳᠠ ᠠᠴᠠ ᠵᠠᠬ᠎ᠠ ᠳᠡᠯᠭᠡᠭᠦᠷ ᠲᠤ ᠬᠦᠷᠬᠦ ᠠᠮᠵᠢᠯᠳᠠ ᠶᠢ ᠪᠡᠶᠡᠯᠡᠬᠦᠯᠵᠤ᠂ ᠰᠢᠨ᠎ᠡ ᠡᠨᠧᠷᠭᠢ ᠶᠢᠨ ᠬᠦᠭᠵᠢᠯᠳᠡ ᠶᠢᠨ ᠵᠠᠮ | ᠳᠡᠭᠡᠷᠡᠬᠢ ᠠᠵᠤ ᠦᠢᠯᠡᠰ ᠤᠨ ᠬᠡᠷᠡᠯᠳᠦ ᠰᠤᠪᠤᠳ ᠪᠣᠯᠤᠭᠰᠠᠨ ᠪᠠᠶᠢᠨ᠎ᠠ᠃ ᠬᠤᠶᠠᠷ ᠲᠠᠯ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ | ᠶᠢᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠳᠤ ᠴᠢᠭᠯᠡᠬᠦᠯᠵᠤ᠂ ︽ᠰᠢᠨ᠎ᠡ ᠡᠨᠧᠷᠭᠢ + ᠲᠡᠷᠢᠭᠦᠨ ᠤ ᠦᠢᠯᠡᠳᠬᠦ ᠦᠢᠯᠡᠰ︾ ᠤᠨ ᠬᠤᠣᠰ ᠬᠦᠷᠳᠦ ᠪᠠᠷ | ᠬᠥᠳᠡᠯᠭᠡᠭᠦᠷ ᠪᠤᠯᠭᠠᠨ᠂ ᠰᠠᠯᠬᠢ ᠬᠡᠷᠡᠯ ᠤᠨ ᠲᠣᠨᠤᠭ ᠲᠥᠬᠦᠭᠡᠷᠦᠮᠵᠢ᠂ ᠣᠶᠤᠨᠲᠤ ᠰᠦᠯᠵᠢᠶᠡᠨ ᠤ ᠬᠤᠯᠪᠤᠭᠠᠳᠤ ᠮᠠᠰᠢᠨ ᠲᠡᠷᠭᠡ᠂ ᠰᠢᠨ᠎ᠡ ᠬᠡᠯᠪᠡᠷᠢ ᠶᠢᠨ ᠳᠡᠯᠬᠡᠴᠡ᠂ | ᠣᠳᠣ ᠦᠶ᠎ᠡ ᠶᠢᠨ ᠨᠤᠤᠯᠤᠭᠤᠷ ᠨᠡᠬᠡᠮᠡᠯ ᠵᠡᠷᠭᠡ ᠬᠦᠷᠢᠶᠡᠨ ᠤ ᠣᠨᠴᠠᠯᠢᠭᠲᠤ ᠠᠵᠤ ᠦᠢᠯᠡᠰ ᠢ ᠬᠠᠮᠵᠢᠯᠴᠠᠨ ᠪᠠᠶᠢᠭᠤᠯᠵᠤ᠂ ᠮᠡᠷᠭᠡᠵᠢᠯ ᠢ ᠬᠠᠮᠲᠤᠪᠠᠷ ᠡᠳ᠋ᠯᠡᠬᠦ᠂ | ᠴᠢᠬᠤᠯᠠ ᠡᠯᠧᠮᠧᠨ᠋ᠲ ᠢ ᠬᠠᠷᠢᠯᠴᠠᠨ ᠨᠡᠪᠳᠡᠷᠡᠯᠴᠡᠬᠦᠯᠬᠦ᠂ ᠣᠷᠴᠢᠨ ᠲᠣᠭᠤᠷᠢᠨ ᠢ ᠬᠠᠮᠲᠤᠪᠠᠷ ᠴᠣᠭᠴᠠᠯᠠᠬᠤ ᠪᠠᠷ ᠳᠠᠮᠵᠢᠭᠤᠯᠵᠤ᠂ ᠤᠯᠠᠮᠵᠢᠯᠠᠯᠲᠤ ᠠᠵᠤ ᠦᠢᠯᠡᠰ ᠤᠨ | ᠰᠢᠨ᠎ᠡ ᠶᠢ ᠡᠭᠦᠳᠬᠦ ᠪᠠ ᠰᠢᠨ᠎ᠡ ᠠᠵᠤ ᠦᠢᠯᠡᠰ ᠤᠨ ᠬᠥᠭᠵᠢᠨ ᠮᠠᠨᠳᠤᠬᠤ ᠶᠢ ᠵᠡᠷᠭᠡᠪᠡᠷ ᠠᠬᠢᠭᠤᠯᠤᠨ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠣᠯᠣᠨ | ᠲᠡᠷᠢᠭᠦᠨ ᠤ ᠦᠢᠯᠡᠳᠬᠦ ᠦᠢᠯᠡᠰ ᠤᠨ ᠭᠦᠨᠵᠡᠭᠡᠢ ᠠᠭᠤᠰᠤᠯᠴᠠᠯ ᠤᠨ ᠬᠡᠯᠪᠡᠷᠢ ᠵᠦᠭ ᠬᠤᠪᠢᠷᠠᠬᠤ ᠪᠠᠶᠢᠳᠠᠯ ᠡᠳᠦᠷ ᠢᠷᠡᠬᠦᠶ᠎ᠡ ᠲᠣᠳᠣᠷᠬᠠᠢ ᠪᠣᠯᠵᠤ᠂ ᠡᠬᠢ | ᠪᠠᠶᠠᠯᠢᠭ ᠤᠨ ᠬᠡᠯᠪᠡᠷᠢ ᠶᠢᠨ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠰᠦᠷ ᠳᠠᠯᠠᠶᠢᠴᠠᠲᠠᠢ ᠬᠥᠳᠡᠯᠭᠡᠬᠦ ᠬᠦᠴᠦᠨ ᠨᠡᠮᠡᠷᠢᠯᠡᠪᠡ᠃ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠠᠮᠳᠤᠷᠠᠯᠴᠠᠭᠠᠨ ᠤ ᠳᠤᠯᠠᠭᠠᠨ ᠤᠷᠤᠰᠬᠠᠯ ᠠᠨᠢᠷᠬᠠᠨ ᠠᠶᠠᠷᠬᠠᠨ ᠤᠷᠤᠭᠰᠢᠯᠠᠨ᠎ᠠ᠃ ᠳ᠋ᠦᠩᠱᠧᠩ | ᠲᠣᠭᠤᠷᠢᠭ ᠤᠨ ᠬᠢᠨ ᠰᠤᠷᠭᠠᠨ ᠬᠥᠮᠦᠵᠢᠯ ᠡᠮ ᠡᠮᠨᠡᠯᠭᠡ ᠶᠢᠨ ᠬᠠᠮᠵᠢᠯᠴᠠᠭᠰᠠᠨ ᠬᠥᠭᠵᠢᠯᠲᠡ ᠶᠢ ᠭᠦᠨᠵᠡᠭᠡᠶᠢᠷᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢ | ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷ ᠳᠠᠮᠵᠢᠭᠤᠯᠤᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ︽ᠪᠦᠯᠦᠭᠴᠢᠯᠡᠯᠲᠡ + ᠰᠤᠷᠭᠠᠭᠤᠯᠢ ᠶᠢᠨ ᠲᠣᠭᠤᠷᠢᠭ ᠤᠨ ᠳᠦᠷᠢᠮ︾ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠂ ᠪᠠᠭᠰᠢ ᠶᠢᠨ ᠠᠵᠢᠯ ᠤᠨ ᠪᠠᠶᠢᠷᠢ ᠶᠢᠨ | ᠡᠭᠡᠯᠵᠢᠯᠡᠭᠦᠯᠬᠦ ᠲᠣᠭᠲᠠᠴᠠ ᠶᠢ ᠪᠠᠶᠢᠭᠤᠯᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠣᠷᠣᠨ ᠪᠦᠰᠡ ᠠᠯᠤᠰᠯᠠᠨ ᠰᠢᠯᠵᠢᠬᠦ ᠶᠢ ᠠᠬᠢᠭᠤᠯᠪᠠ︔ ︽ | ᠠᠯᠪᠠᠨ ᠠᠴᠠ ᠪᠠᠶᠢᠭᠤᠯᠤᠭᠰᠠᠨ + ᠠᠷᠠᠳ ᠠᠴᠠ ᠡᠵᠡᠩᠨᠡᠭᠰᠡᠨ︾ ︽ᠳᠤᠭᠤᠷᠢᠭ ᠤᠨ ᠳᠣᠲᠣᠷ᠎ᠠ + ᠳᠤᠭᠤᠷᠢᠭ ᠤᠨ ᠭᠠᠳᠠᠨ᠎ᠠ︾ ᠨᠢᠭᠲᠠ ᠬᠠᠮᠳᠤᠷᠠᠯᠴᠠᠭᠠᠨ ᠤ | ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠢ ᠪᠠᠶᠢᠭᠤᠯᠵᠤ᠂ ︽ᠢᠨᠲ᠋ᠧᠷ ᠰᠦᠯᠵᠢᠶ᠎ᠡ + ᠡᠮ ᠡᠮᠨᠡᠯᠬᠡ︾ ᠶᠢᠨ ᠦᠢᠯᠡᠴᠢᠯᠡᠭᠡᠨ ᠤ ᠵᠠᠭᠪᠤᠷ ᠶᠢᠨ ᠰᠢᠨ᠎ᠡ ᠶᠢ | ᠡᠭᠦᠳᠴᠦ᠂ ᠠᠯᠤᠰ ᠠᠴᠠ ᠣᠨᠣᠰᠢᠯᠠᠨ ᠡᠮᠨᠡᠬᠦ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠪᠥᠬᠦ ᠤᠷᠤᠨ ᠪᠦᠰᠡ ᠶᠢ ᠬᠠᠮᠤᠷᠬᠤ ᠶᠢ ᠪᠡᠶᠡᠯᠡᠬᠦᠯᠪᠡ᠃ ᠬᠤᠳᠠ ᠶᠢᠨ | ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ | ᠠᠷᠪᠢᠯᠠᠬᠤ ᠥᠭᠡᠷᠡᠴᠢᠯᠡᠯᠲᠡ ᠵᠢᠴᠢ ᠨᠡᠶᠢᠭᠡᠮ ᠲᠣᠭᠤᠷᠢᠭ ᠤᠨ ᠴᠡᠴᠡᠷᠯᠢᠭ ᠤᠨ ᠨᠠᠰᠤᠳᠠᠶᠢᠴᠤᠳ ᠬᠡᠤᠬᠡᠳ ᠲᠤ ᠵᠤᠬᠢᠴᠠᠭᠤᠯᠤᠨ ᠳᠡᠭᠡᠭᠰᠢᠯᠡᠭᠦᠯᠬᠦ ᠶᠢ ᠰᠢᠰᠲ᠋ᠧᠮ ᠲᠠᠢ | ᠠᠬᠢᠭᠤᠯᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠬᠤᠯᠪᠣᠭᠠᠰᠤ ᠶᠢ ᠨᠢᠠᠠᠳᠠᠷᠠᠭᠤᠯᠪᠠ᠃ ᠠᠮᠢ ᠠᠬᠤᠢ ᠶᠢᠨ ᠵᠠᠰᠠᠯᠲᠠ ᠶᠢᠨ ᠬᠦᠷᠢᠶ᠎ᠡ | ᠴᠠᠷᠠᠭ᠎ᠠ ᠳᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠬᠥᠪᠴᠢ ᠶᠢᠨ ᠡᠯᠡᠰᠦᠨ ᠴᠥᠯ ᠤᠨ ᠠᠮᠢ ᠠᠬᠤᠢ ᠶᠢ ᠪᠠᠬᠢᠵᠢᠭᠦᠯᠦᠨ ᠳᠡᠭᠡᠭᠰᠢᠯᠡᠭᠦᠯᠬᠦ ᠣᠷᠣᠨ ᠤ | ᠣᠶ ᠰᠢᠭᠤᠢ ᠨᠤᠳᠤᠭ ᠪᠡᠯᠴᠢᠭᠡᠷ ᠨᠤᠭᠤ ᠭᠠᠵᠠᠷ ᠳᠠᠴᠢᠷ ᠴᠦᠯ ᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠲᠥᠷᠥᠯ ᠵᠦᠢᠯ ᠢ ᠭᠦᠨᠵᠡᠭᠡᠢ ᠬᠡᠷᠡᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠠᠭᠤᠷᠬᠠᠢ ᠶᠢ ᠥᠨᠳᠥᠷ ᠪᠠᠷᠢᠮᠵᠢᠶ᠎ᠠ ᠪᠠᠷ ᠪᠦᠳᠦᠬᠡᠨ ᠪᠠᠶᠢᠭᠤᠯᠵᠤ᠂ ᠠᠭᠤᠯᠠ ᠤᠰᠤ ᠣᠶ ᠰᠢᠭᠤᠢ | ᠲᠠᠷᠢᠶᠠᠨ ᠭᠠᠵᠠᠷ ᠨᠠᠭᠤᠷ ᠡᠪᠡᠰᠦ ᠡᠯᠡᠰᠤ ᠶᠢ ᠰᠢᠰᠲ᠋ᠧᠮ ᠲᠠᠢ ᠵᠠᠰᠠᠬᠤ ᠶᠢ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠯᠬᠠᠪᠴᠢ | ᠶᠢ ᠪᠠᠬᠢᠵᠢᠬᠦᠯᠪᠡ᠃ | | | | ᠨᠡᠭᠡᠭᠡᠯᠲᠡ ᠬᠢᠵᠦ ᠬᠠᠮᠲᠤᠷᠠᠯᠴᠠᠬᠤ ᠳᠠᠭᠤᠨ ᠬᠤᠭᠤᠯᠠᠢ ᠬᠠᠩᠭᠢᠨᠠᠲᠠᠯ᠎ᠠ ᠴᠤᠤᠷᠢᠶᠠᠲᠤᠨ᠎ᠠ᠃ ᠳ᠋ᠦᠩᠱᠧᠩ ᠲᠣᠭᠤᠷᠢᠭ ︽ᠨᠢᠭᠡ ᠪᠦᠰᠡ ᠨᠢᠭᠡ ᠵᠠᠮ︾ ᠤᠨ | ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠳᠤᠮᠳᠠᠳᠤ ᠣᠷᠣᠰ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠠᠽᠢᠶ᠎ᠠ ᠡᠸᠦ᠋ᠷᠦᠫᠡ ᠶᠢᠨ | ᠦᠵᠡᠰᠬᠦᠯᠡᠩ ᠤᠨ ᠴᠤᠭᠯᠠᠭᠠᠨ ᠵᠡᠷᠭᠡ ᠣᠯᠠᠨ ᠤᠯᠤᠰ ᠤᠨ ᠳᠡᠯᠭᠡᠨ ᠦᠵᠡᠭᠦᠯᠵᠦ ᠵᠥᠪᠳᠡᠯᠴᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠨᠤᠤᠯᠤᠭᠤᠷ ᠤᠨ | ᠪᠦᠲᠦᠭᠡᠭᠳᠡᠬᠦᠨ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠵᠢᠴᠢ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠵᠡᠷᠭᠡ ᠣᠨᠴᠠᠯᠢᠭᠲᠤ ᠪᠦᠲᠦᠭᠡᠭᠳᠡᠬᠦᠨ ᠤ ᠣᠯᠠᠨ | ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠶᠢ ᠠᠬᠢᠭᠤᠯᠪᠠ︔ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠶᠢᠨ ᠰᠦᠬᠡᠪᠠᠭᠠᠲᠤᠷ ᠲᠣᠭᠤᠷᠢᠭ ᠲᠠᠢ ᠨᠥᠬᠦᠷᠰᠡᠭ | ᠬᠤᠲᠠ ᠶᠢᠨ ᠬᠠᠷᠢᠴᠠᠭ᠎ᠠ ᠪᠠᠶᠢᠭᠤᠯᠵᠤ᠂ ︽ᠬᠤᠶᠠᠷ ᠬᠤᠲᠠ ᠶᠢᠨ ᠨᠦᠬᠦᠷᠯᠡᠯ ᠤᠨ ᠲᠦᠮᠡᠨ ᠭᠠᠵᠠᠷ ᠤᠨ ᠠᠶᠠᠨ︾ ︽ᠵᠠᠯᠠᠭᠤᠴᠤᠳ ᠪᠠᠭᠠᠴᠤᠳ ᠤᠨ ᠰᠣᠶᠣᠯ ᠤᠨ | ᠰᠣᠯᠢᠯᠴᠠᠭᠠᠨ ᠤ ᠭᠠᠷᠠᠭ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠰᠣᠶᠣᠯ ᠢᠷᠭᠡᠨᠰᠢᠯ ᠤᠨ ᠠᠵᠤ ᠠᠬᠤᠢ ᠠᠷᠠᠯᠵᠢᠶᠠᠨ ᠤ ᠬᠤᠯᠪᠣᠭᠠᠰᠤ ᠶᠢ ᠬᠦᠨᠵᠡᠬᠡᠶᠢᠷᠡᠬᠦᠯᠪᠡ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ ᠠᠬᠢᠭᠤᠯᠵᠤ᠂ ︽ᠳᠤᠯᠠᠭᠠᠨ ᠬᠤᠲᠠ ᠶᠢᠨ ᠡᠯᠪᠡᠭ ᠠᠮᠲᠠ︾ ᠨᠠᠷᠠᠲᠤ ᠲᠡᠮᠳᠡᠭᠲᠦ ᠶᠢ | ᠳᠡᠯᠭᠡᠷᠡᠭᠦᠯᠬᠦ ᠪᠠ ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠪᠠᠷ ᠬᠠᠪᠰᠤᠷᠤᠨ ᠲᠡᠳᠬᠦᠵᠦ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠪᠠᠷ ᠳᠠᠮᠵᠢᠭᠤᠯᠤᠨ᠂ | ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠡᠭᠡᠵᠢᠩ ᠤᠨ ᠵᠠᠬ᠎ᠠ ᠳᠡᠯᠭᠡᠭᠦᠷ ᠲᠤ ᠤᠷᠤᠭᠤᠯᠬᠤ ᠶᠢ ᠠᠬᠢᠭᠤᠯᠪᠠ︔ ᠣᠷᠳᠣᠰ ︵ | ᠪᠡᠭᠡᠵᠢᠩ︶ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠢ ᠬᠠᠮᠲᠤᠪᠠᠷ ᠪᠠᠶᠢᠭᠤᠯᠵᠤ᠂ ᠵᠥᠩ ᠭᠤᠸᠠᠨ ᠼᠦᠨ ᠤ ᠠᠵᠤ ᠦᠢᠯᠡᠰ ᠤᠨ | ᠰᠢᠯᠵᠢᠯᠲᠡ ᠶᠢ ᠳᠠᠭᠠᠭᠠᠨ ᠠᠪᠤᠪᠠ᠃ ᠣᠯᠠᠨ ᠤᠯᠤᠰ ᠤᠨ ᠬᠠᠮᠲᠤᠷᠠᠯᠴᠠᠭᠠᠨ ᠤ ᠬᠦᠷᠢᠶᠡᠨ ᠳᠤ᠂ ᠣᠷᠳᠣᠰ ᠤᠨ ᠬᠤᠯᠪᠤᠭᠠᠯᠠᠨ ᠬᠥᠳᠡᠯᠦᠯᠴᠡᠵᠦ ᠰᠢᠨ᠎ᠡ ᠶᠢ ᠡᠭᠦᠳᠬᠦ | ᠳᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠠᠵᠤ ᠠᠬᠤᠶᠢᠯᠠᠯ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠳᠤ | ᠲᠦᠰᠢᠭᠯᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠢᠶᠠᠨ ᠥᠷᠭᠡᠳᠬᠡᠬᠦ ᠪᠠᠷ ᠳᠡᠮᠵᠢᠵᠦ᠂ ᠮᠠᠯᠠᠶᠢᠰᠢᠶ᠎ᠠ᠂ ᠮᠣᠩᠭᠤᠯ ᠵᠡᠷᠭᠡ ︽ | ᠨᠢᠭᠡ ᠪᠦᠰᠡ ᠨᠢᠭᠡ ᠵᠠᠮ︾ ᠤᠨ ᠱᠤᠭᠤᠮ ᠳᠠᠭᠠᠤ ᠶᠢᠨ ᠤᠯᠤᠰ ᠤᠳ ᠯᠤᠭ᠎ᠠ ᠶᠢᠨ ᠡᠨᠧᠷᠭᠢ᠂ ᠰᠣᠶᠣᠯ ᠵᠤᠭᠠᠴᠠᠯ᠂ ᠡᠮᠴᠢᠯᠡᠭᠡ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠬᠦᠨᠵᠡᠬᠡᠶᠢᠷᠡᠬᠦᠯᠪᠡ᠃ | | | | 2025 ᠣᠨ ᠤ ᠰᠢᠨ᠎ᠡ ᠭᠠᠷᠤᠭᠠᠨ ᠳᠡᠭᠡᠷ᠎ᠡ᠂ ᠨᠠᠢᠮᠠᠨ ᠶᠡᠭᠡ ᠠᠵᠠ ᠲᠣᠬᠢᠶᠠᠯ ᠬᠠᠪᠤᠷ ᠤᠨ ᠰᠦᠶ᠎ᠡ ᠮᠡᠳᠤ ᠨᠠᠬᠢᠶᠠᠯᠠᠪᠠ᠄ ︽ᠳᠤᠯᠠᠭᠠᠨ ᠬᠤᠳᠠ ᠶᠢᠨ | ᠳᠤᠷᠠᠰᠤᠮᠵᠢ︾ ᠶᠠᠪᠠᠭᠠᠨ ᠵᠡᠭᠡᠯᠢ ᠨᠢ ᠬᠠᠭᠤᠴᠢᠨ ᠬᠤᠳᠠ ᠳᠤ ᠡᠳᠦᠷ ᠳᠤᠮᠳᠠᠴᠢ ᠪᠠᠷ 3 ᠲᠦᠮᠡᠨ ᠬᠥᠮᠥᠨ ᠤᠳᠠᠭ᠎ᠠ ᠶᠢᠨ ᠠᠶᠠᠨᠴᠢᠳ ᠢ ᠤᠭᠳᠤᠵᠤ᠂ | ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠭᠤᠷᠬᠠᠢ ᠶᠢᠨ ᠰᠢᠨ᠎ᠡ ᠶᠢ ᠡᠭᠦᠳᠬᠦ ᠭᠠᠷᠠᠮ ᠤᠨ ᠲᠦᠷᠦᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ ᠵᠢᠯ ᠳᠤ 15 | ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠨ ᠭᠠᠳᠠᠭᠰᠢᠯᠠᠭᠤᠯᠤᠯᠳᠠ ᠶᠢ ᠪᠠᠭᠠᠰᠬᠠᠵᠤ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ | ᠡᠷᠡᠭᠦᠯ ᠮᠡᠨᠳᠦ ᠶᠢᠨ ᠲᠥᠪ ᠤᠨ ᠣᠷᠣᠭᠤᠯᠤᠨ ᠠᠪᠴᠢᠷᠠᠭᠰᠠᠨ CAR-T ᠮᠡᠷᠭᠡᠵᠢᠯ ᠨᠢ ᠡᠮᠴᠢᠯᠡᠭᠡᠨ ᠤ ᠰᠢᠨ᠎ᠡ ᠪᠠᠶᠢᠳᠠᠯ ᠢ ᠨᠡᠭᠡᠭᠡᠵᠡᠢ᠃ ᠡᠭᠦᠨ ᠲᠠᠢ ᠠᠳᠠᠯᠢ ᠪᠠᠷ᠂ | ︽ᠬᠤᠳᠠᠯᠳᠤᠭ᠎ᠠ ᠡᠵᠡᠩᠨᠡᠯᠳᠡ ᠡᠵᠡᠩᠨᠡᠬᠦ ᠶᠢ ᠬᠠᠮᠠᠭᠠᠯᠠᠨ ᠦᠢᠯᠡᠴᠢᠯᠡᠬᠦ︾ ᠠᠵᠢᠯᠯᠠᠭ᠎ᠠ ᠶᠢᠨ ᠪᠣᠶᠢᠵᠢᠭᠤᠯᠤᠭᠰᠠᠨ ᠥᠩ ᠰᠢᠮᠡᠯᠢᠭ ᠬᠥᠷᠥᠰᠥ ᠰᠢᠷᠣᠢ ︱ ︽ᠭᠠᠵᠠᠷ | ᠠᠪᠤᠪᠠᠯ ᠳᠠᠷᠤᠢ ᠠᠵᠢᠯ ᠡᠬᠢᠯᠡᠬᠦᠯᠬᠦ︾ ᠲᠥᠷᠥᠯ ᠵᠦᠢᠯ ᠨᠢ ᠬᠢᠨᠠᠨ ᠵᠥᠪᠰᠢᠶᠡᠷᠡᠬᠦ ᠬᠤᠷᠳᠤᠴᠠ ᠶᠢ ᠮᠡᠳᠡᠷᠡᠬᠦᠯᠵᠤ᠂ ᠰᠤᠳᠤᠯᠭᠠᠨ ᠨᠡᠬᠡᠬᠡᠯᠳᠡ ᠶᠢᠨ ᠨᠦᠬᠦᠪᠤᠷᠢ ᠨᠢ | ᠰᠢᠨ᠎ᠡ ᠶᠢ ᠡᠬᠦᠳᠬᠦ ᠳᠤ ᠬᠠᠪᠰᠤᠷᠤᠮᠵᠢ ᠪᠤᠯᠵᠤ᠂ ᠳᠡᠭᠡᠳᠦ ᠲᠠᠰ ᠤᠨ ᠴᠢᠳᠠᠪᠤᠷᠢᠳᠠᠳ ᠢ ᠠᠳᠡ ᠨᠤᠲᠤᠭᠰᠢᠨ ᠰᠠᠭᠤᠷᠢᠰᠢᠭᠤᠯᠪᠠ᠃ | ᠣᠷᠣᠨ ᠪᠦᠰᠡ ᠶᠢᠨ ᠬᠠᠮᠲᠤᠷᠠᠯᠴᠠᠭ᠎ᠠ ᠪᠣᠯ ᠠᠵᠤ ᠠᠬᠤᠢ ᠶᠢᠨ ᠬᠠᠮᠳᠤᠪᠡᠷ ᠠᠰᠢᠭ ᠬᠦᠷᠳᠡᠬᠦ ᠬᠠᠮᠳᠤ ᠶᠢᠨ ᠴᠢᠷᠮᠠᠶᠢᠯᠭ᠎ᠠ ᠪᠤᠯᠤᠨ᠎ᠠ᠃ ᠳ᠋ᠦᠩᠱᠧᠩ ᠲᠣᠭᠤᠷᠢᠭ ᠤᠨ | ᠬᠢᠨ ᠣᠷᠣᠨ ᠪᠦᠰᠡ ᠶᠢᠨ ᠬᠠᠮᠲᠤᠷᠠᠯᠴᠠᠭ᠎ᠠ ᠪᠠᠷ ᠬᠥᠳᠡᠯᠭᠡᠭᠦᠷ ᠪᠤᠯᠭᠠᠨ᠂ ᠤᠯᠠᠨ ᠲᠠᠯ᠎ᠠ ᠶᠢᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠪᠠ᠄ ᠬᠤᠳᠠ ᠶᠢᠨ | ᠬᠡᠪᠴᠢᠶᠡᠨ ᠤ ᠬᠠᠮᠵᠢᠯᠴᠠᠭ᠎ᠠ ᠶᠢ ᠬᠦᠨᠵᠡᠬᠡᠶᠢᠷᠡᠬᠦᠯᠦᠨ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠠᠢ ᠬᠤᠯᠪᠤᠭᠠᠯᠠᠨ ︽ᠰᠠᠯᠬᠢ ᠬᠡᠷᠡᠯ ᠳᠡᠷᠬᠡ ᠳᠡᠯᠬᠡᠴᠡ | ᠨᠤᠤᠯᠤᠭᠤᠷ ᠮᠠᠲ᠋ᠧᠷᠢᠶᠠᠯ ᠤᠶᠤᠨᠳᠤ︾ ᠶᠢᠨ ᠣᠨᠴᠠᠯᠢᠭᠲᠤ ᠠᠵᠤ ᠦᠢᠯᠡᠰ ᠤᠨ ᠪᠦᠯᠦᠭᠯᠡᠯ ᠪᠣᠯᠣᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠴᠤᠭᠯᠠᠷᠠᠯ ᠤᠨ ᠣᠷᠣᠨ ᠢ ᠪᠠᠶᠢᠭᠤᠯᠵᠤ᠂ ︽4+4+3︾ ᠠᠵᠤ ᠦᠢᠯᠡᠰ ᠤᠨ ᠳᠤᠭᠳᠠᠯᠴᠠᠭ᠎ᠠ ᠶᠢ ᠰᠢᠯᠢᠳᠡᠭᠵᠢᠬᠦᠯᠦᠨ᠂ ᠤᠰᠤᠲᠥ᠋ᠷᠥᠭᠴᠢ ᠡᠨᠧᠷᠭᠢ ᠶᠢᠨ ᠬᠤᠭᠤᠯᠠᠢ | ᠲᠣᠣᠷ ᠵᠢᠴᠢ ᠰᠢᠨ᠎ᠡ ᠡᠨᠧᠷᠭᠢ ᠶᠢᠨ ᠰᠠᠭᠤᠷᠢ ᠲᠥᠬᠦᠭᠡᠷᠦᠮᠵᠢ ᠶᠢ ᠬᠠᠮᠲᠤᠪᠠᠷ ᠪᠠᠶᠢᠭᠤᠯᠪᠠ︔ ᠬᠥᠬᠡᠬᠤᠲᠠ ᠪᠤᠭᠤᠲᠤ ᠣᠷᠳᠣᠰ ᠢ ᠨᠢᠭᠡ ᠴᠣᠭᠴᠠᠵᠢᠭᠤᠯᠬᠤ ᠶᠢ | ᠠᠬᠢᠭᠤᠯᠵᠤ᠂ ︽ᠰᠠᠯᠬᠢ ᠬᠡᠷᠡᠯ ᠤᠰᠤᠳᠦ᠋ᠷᠦᠭᠴᠢ ᠬᠠᠳᠠᠭᠠᠯᠠᠬᠤ ᠳᠡᠷᠬᠡ︾ ᠶᠢᠨ ᠠᠵᠤ ᠦᠢᠯᠡᠰ ᠢ ᠪᠦᠬᠦ ᠬᠡᠯᠬᠢᠶ᠎ᠡ ᠪᠠᠷ ᠪᠠᠶᠢᠷᠢᠰᠢᠭᠤᠯᠤᠨ᠂ ᠳᠣᠣᠷ᠎ᠠ ᠨᠢᠰᠦᠯᠳᠡ ᠶᠢᠨ | ᠠᠵᠤ ᠠᠬᠤᠢ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠣᠨ ᠪᠦᠰᠡ ᠠᠯᠤᠰᠯᠠᠨ ᠪᠦᠬᠦᠨ ᠢ ᠰᠢᠢᠳᠪᠦᠷᠢᠯᠡᠬᠦ | ᠶᠢᠨ ᠰᠢᠨ᠎ᠡ ᠶᠢ ᠡᠬᠦᠳᠪᠡ︔ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠡᠬᠢ ᠪᠠᠶᠠᠯᠢᠭ ᠢ ᠬᠦᠨᠵᠡᠬᠡᠢ ᠬᠤᠯᠪᠤᠨ᠂ ︽ᠤᠷᠳᠤᠰ | ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ︾ ᠪᠠᠷ ᠳᠠᠮᠵᠢᠨ ᠣᠨᠴᠠᠯᠢᠭᠲᠤ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠶᠢ ᠥᠷᠭᠡᠳᠬᠡᠵᠦ᠂ ︽ᠪᠡᠯᠡ | ᠮᠥᠩᠭᠦ ᠶᠢ ᠳ᠋ᠦᠩᠱᠧᠩ ᠳᠤ ᠳᠠᠳᠠᠬᠤ︾᠂ ︽ᠴᠢᠳᠠᠪᠤᠷᠢᠲᠠᠨ ᠢ ᠳ᠋ᠦᠩᠱᠧᠩ ᠳᠤ ᠤᠷᠢᠬᠤ︾ ᠪᠠᠷ ᠠᠵᠤ ᠦᠢᠯᠡᠰ ᠤᠨ ᠰᠢᠯᠵᠢᠯᠲᠡ ᠪᠣᠯᠣᠨ ᠳᠡᠭᠡᠳᠦ ᠲᠡᠰ ᠤᠨ | ᠴᠢᠳᠠᠪᠤᠷᠢᠲᠠᠨ ᠢ ᠬᠦᠯᠢᠶᠡᠨ ᠠᠪᠴᠤ᠂ ᠵᠦᠩ ᠭᠤᠸᠠᠨ ᠼᠦᠨ ᠲᠠᠢ ᠬᠤᠯᠪᠤᠭᠠᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠦᠷᠢᠶᠡᠯᠡᠩ ᠢ | ᠬᠠᠮᠲᠤᠪᠠᠷ ᠪᠠᠶᠢᠭᠤᠯᠪᠠ︔ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠪᠣᠯᠣᠨ ︽ᠨᠢᠭᠡ ᠪᠦᠰᠡ ᠨᠢᠭᠡ ᠵᠠᠮ︾ ᠢ ᠠᠰᠢᠭᠯᠠᠵᠤ᠂ ᠡᠨᠧᠷᠭᠢ ᠶᠢᠨ | ᠲᠤᠨᠤᠭ ᠲᠥᠬᠦᠭᠡᠷᠦᠮᠵᠢ ᠶᠢ ᠭᠠᠳᠠᠭᠠᠳᠤ ᠳᠤ ᠭᠠᠷᠭᠠᠬᠤ᠂ ᠳᠤᠮᠳᠠᠳᠤ ᠡᠸᠦ᠋ᠷᠦᠫᠡ ᠶᠢᠨ ᠵᠢᠰᠢᠶᠡᠨ ᠤ ᠭᠠᠯᠲᠤ ᠲᠡᠷᠭᠡ ᠵᠢᠴᠢ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠬᠥᠭᠵᠢᠯᠲᠡ ᠶᠢ ᠠᠬᠢᠭᠤᠯᠵᠤ᠂ ᠤᠷᠤᠰ ᠮᠣᠩᠭᠤᠯ ᠯᠤᠭ᠎ᠠ ᠶᠢᠨ ᠡᠨᠧᠷᠭᠢ ᠰᠣᠶᠣᠯ ᠵᠤᠭᠠᠴᠠᠯ ᠤᠨ ᠬᠠᠮᠲᠤᠷᠠᠯᠴᠠᠭ᠎ᠠ ᠶᠢ ᠬᠦᠨᠵᠡᠬᠡᠶᠢᠷᠡᠬᠦᠯᠪᠡ᠃ | ᠰᠤᠷᠭᠠᠨ ᠬᠥᠮᠦᠵᠢᠯ ᠡᠮ ᠡᠮᠨᠡᠯᠭᠡ ᠪᠠᠷ ᠬᠠᠪᠰᠤᠷᠤᠨ ᠲᠡᠳᠬᠦᠬᠦ᠂ ᠠᠮᠢ ᠠᠬᠤᠢ ᠶᠢ ᠬᠠᠮᠲᠤᠪᠠᠷ ᠵᠠᠰᠠᠬᠤ ᠬᠠᠮᠵᠢᠯᠴᠠᠭ᠎ᠠ ᠶᠢ ᠵᠡᠷᠭᠡᠪᠡᠷ ᠴᠢᠩᠭᠠᠳᠬᠠᠵᠤ᠂ ᠳᠣᠲᠣᠭᠠᠳᠤ | ᠭᠠᠳᠠᠭᠠᠳᠤ ᠶᠢ ᠬᠠᠷᠢᠯᠴᠠᠨ ᠠᠬᠢᠭᠤᠯᠬᠤ᠂ ᠪᠦᠬᠦ ᠣᠷᠣᠨ ᠪᠦᠰᠡ ᠶᠢᠨ ᠬᠠᠮᠵᠢᠯᠴᠠᠨ ᠬᠤᠯᠪᠤᠭᠠᠯᠠᠨ ᠬᠦᠳᠡᠯᠦᠯᠴᠡᠬᠦ ᠨᠡᠭᠡᠭᠡᠯᠲᠡᠲᠤ ᠬᠥᠭᠵᠢᠯᠲᠡ ᠶᠢᠨ ᠰᠢᠨ᠎ᠡ ᠠᠮᠢ | ᠠᠬᠤᠢ ᠶᠢ ᠪᠤᠢ ᠪᠤᠯᠭᠠᠪᠠ᠃ | | | | ᠬᠦᠴᠦᠨ ᠢᠶᠠᠨ ᠬᠠᠮᠳᠤᠳᠬᠠᠨ ᠬᠢᠪᠡᠰᠦ ᠳᠡᠶᠢᠯᠦᠭᠳᠡᠰᠢ ᠦᠬᠡᠢ︔ ᠤᠯᠠᠨ ᠤ ᠤᠬᠠᠭᠠᠨ ᠢ ᠬᠤᠷᠠᠮᠳᠤᠭᠤᠯᠪᠠᠰᠤ᠂ ᠪᠦᠳᠦᠬᠦ ᠦᠬᠡᠢ ᠶᠠᠪᠤᠳᠠᠯ ᠦᠬᠡᠢ᠃ | ᠬᠤᠲᠠ ᠶᠢᠨ ᠬᠡᠪᠴᠢᠶᠡᠨ ᠤ ᠬᠠᠮᠵᠢᠯᠴᠠᠭᠠᠨ ᠠᠴᠠ ᠪᠠᠨ ᠣᠯᠠᠨ ᠤᠯᠤᠰ ᠤᠨ ᠬᠠᠮᠳᠤᠷᠠᠯᠴᠠᠭ᠎ᠠ ᠬᠦᠷᠲᠡᠯ᠎ᠡ᠂ ᠠᠮᠢ ᠠᠬᠤᠢ ᠶᠢᠨ ᠬᠠᠯᠬᠠᠪᠴᠢ ᠶᠢ ᠪᠠᠶᠢᠭᠤᠯᠬᠤ ᠠᠴᠠ | ᠠᠵᠤ ᠦᠢᠯᠡᠰ ᠤᠨ ᠦᠰᠦᠷᠦᠯᠲᠡ ᠪᠠᠷ ᠪᠦᠰᠡᠯᠡᠯᠲᠡ ᠶᠢ ᠰᠢᠪᠳᠤᠯᠬᠤ ᠬᠦᠷᠳᠡᠯ᠎ᠡ᠂ ᠳ᠋ᠦᠩᠱᠧᠩ ᠲᠣᠭᠤᠷᠢᠭ ᠤᠨ ᠬᠢᠨ ᠰᠢᠰᠲ᠋ᠧᠮᠲᠦ ᠰᠡᠳᠬᠢᠬᠦᠢ ᠪᠠᠷ ᠬᠥᠭᠵᠢᠯᠲᠡ ᠶᠢᠨ | ᠡᠯᠧᠮᠧᠨ᠋ᠲ ᠢ ᠬᠤᠯᠪᠣᠵᠤ᠂ ᠡᠬᠢ ᠪᠠᠶᠠᠯᠢᠭ ᠤᠨ ᠳᠠᠪᠠᠭᠤᠯᠢᠭ ᠢ ᠨᠢᠬᠡᠳᠬᠡᠬᠦ᠂ ᠠᠮᠢ ᠠᠬᠤᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ | ᠳᠤᠮᠳᠠ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠠᠬᠢᠭᠤᠯᠤᠨ᠂ | ᠬᠠᠮᠳᠤᠷᠠᠨ ᠠᠵᠢᠯᠯᠠᠵᠤ ᠬᠠᠮᠲᠤᠪᠠᠷ ᠠᠰᠢᠭ ᠬᠦᠷᠳᠡᠬᠦ ᠤᠪᠤᠷ ᠢᠶᠠᠷ ᠴᠢᠨᠠᠷ ᠰᠠᠶᠢᠲᠠᠢ ᠬᠥᠭᠵᠢᠯᠲᠡ ᠶᠢᠨ ᠲᠡᠷᠲᠡᠭᠡ ᠡᠷᠭᠢ ᠵᠦᠭ ᠤᠷᠤᠭᠰᠢᠯᠠᠵᠤ᠂ ᠨᠡᠩ ᠴᠢᠨᠠᠷ | ᠰᠠᠶᠢᠲᠠᠢ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠬᠤᠳᠠ ᠲᠡᠰᠢ ᠤᠷᠤᠭᠰᠢᠯᠠᠨ᠎ᠠ᠃ | | | | | |