ᠬᠦᠢᠴᠡᠳᠬᠡᠬᠦ ᠨᠥᠬᠦᠴᠡᠯ | ᠠᠵᠢᠯᠲᠠᠨ ᠤ ᠳᠠᠩᠰᠠ ᠪᠠᠨ ᠬᠠᠰᠤᠭᠰᠠᠨ ᠦᠭᠡᠢ ᠪᠠᠷ ᠭᠠᠷᠭᠠᠨ ᠠᠪᠬᠤ᠃ ᠭᠠᠷᠭᠠᠨ ᠠᠪᠤᠭᠴᠢ ᠨᠢ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠪᠦᠬᠦᠯᠢ 3 ᠰᠠᠷ᠎ᠠ ᠵᠠᠯᠭᠠᠭ᠎ᠠ ᠪᠠᠷ ᠭᠦᠢᠴᠡᠳ | ᠲᠤᠭ᠎ᠠ ᠪᠠᠷ ᠬᠠᠳᠠᠭᠠᠯᠠᠭᠰᠠᠨ᠂ ᠲᠣᠰ ᠬᠥᠮᠥᠨ ᠵᠢᠴᠢ ᠬᠤᠯᠪᠣᠰᠤ ᠶᠢᠨ ᠠᠵᠢᠯᠯᠠᠵᠤ ᠪᠠᠶᠢᠭ᠎ᠠ ᠭᠠᠵᠠᠷ ᠲᠤ ᠥᠪᠡᠷ ᠤᠨ | ᠣᠷᠣᠨ ᠰᠠᠭᠤᠴᠠ ᠦᠭᠡᠢ ᠮᠥᠷᠲᠡᠭᠡᠨ ᠣᠷᠣᠨ ᠰᠠᠭᠤᠴᠠ ᠲᠦᠷᠢᠶᠡᠰᠤᠯᠡᠵᠤ ᠪᠠᠶᠢᠭ᠎ᠠ᠂ ᠵᠢᠭᠡᠯᠡᠯᠭᠡ ᠦᠭᠡᠢ᠂ | ᠴᠡᠪᠳᠡᠭᠯᠡᠭᠰᠡᠨ ᠦᠭᠡᠢ ᠪᠣᠯ ᠲᠣᠰ ᠬᠥᠮᠥᠨ ᠪᠤᠶᠤ ᠬᠤᠯᠪᠤᠰᠤ ᠶᠢᠨ ᠤᠷᠤᠨ ᠰᠠᠭᠤᠴᠠ ᠶᠢᠨ ᠨᠡᠶᠢᠳᠡ ᠶᠢᠨ | ᠬᠤᠷᠠᠮᠳᠤᠭᠤᠯᠭ᠎ᠠ ᠶᠢᠨ ᠮᠦᠩᠬᠦ ᠶᠢᠨ ᠬᠠᠳᠠᠭᠠᠯᠠᠭᠤᠯᠤᠭᠰᠠᠨ ᠦᠯᠡᠳᠡᠪᠤᠷᠢ ᠳᠤᠭ᠎ᠠ ᠶᠢ ᠭᠤᠶᠤᠴᠢᠯᠠᠨ ᠠᠪᠴᠤ | ᠪᠣᠯᠣᠨ᠎ᠠ᠂ ᠡᠷᠦᠬᠡ ᠪᠦᠷᠢ ᠶᠢᠨ ᠵᠢᠯ ᠤᠨ ᠭᠠᠷᠭᠠᠵᠤ ᠠᠪᠴᠤ ᠪᠤᠯᠬᠤ ᠵᠣᠭᠤᠰ ᠤᠨ ᠲᠤᠭ᠎ᠠ ᠶᠢᠨ ᠳᠡᠭᠡᠳᠦ ᠬᠢᠵᠠᠭᠠᠷ ᠨᠢ | 25000 ᠲᠥᠭᠦᠷᠢᠭ᠂ ᠭᠤᠷᠪᠠᠨ ᠬᠡᠦᠬᠡᠳ ᠲᠠᠢ ᠭᠡᠷ ᠪᠦᠯᠢ ᠶᠢᠨ ᠵᠢᠯ ᠤᠨ ᠭᠠᠷᠭᠠᠵᠤ ᠠᠪᠴᠤ ᠪᠤᠯᠬᠤ ᠵᠣᠭᠤᠰ ᠤᠨ | ᠲᠤᠭ᠎ᠠ ᠶᠢᠨ ᠳᠡᠭᠡᠳᠦ ᠬᠢᠵᠠᠭᠠᠷ ᠨᠢ 30000 ᠲᠥᠭᠦᠷᠢᠭ ᠪᠠᠶᠢᠵᠤ᠂ ᠲᠠᠩᠰᠠᠨ ᠡᠷᠦᠬᠡ ᠳᠤ ᠨᠠᠭᠠᠲᠤ ᠵᠠᠬ᠎ᠠ ᠳᠠᠭᠠᠨ | 100 ᠲᠥᠭᠦᠷᠢᠭ ᠦᠯᠡᠳᠡᠭᠡᠨ᠎ᠡ ︵ᠪᠦᠬᠦᠯᠢ ᠵᠠᠭᠤᠨ ᠲᠥᠭᠦᠷᠢᠭ︶ ᠃ | | | ᠴᠤᠩᠬᠤᠪᠴᠢ ᠳᠡᠬᠡᠷ᠎ᠡ ᠬᠦᠢᠴᠡᠳᠬᠡᠬᠦ ᠳᠤ ᠬᠡᠷᠡᠭᠯᠡᠬᠦ ᠭᠤᠶᠤᠴᠢᠯᠠᠯ ᠤᠨ ᠮᠠᠲ᠋ᠧᠷᠢᠶᠠᠯ | 1.ᠭᠡᠷ ᠪᠠᠶᠢᠰᠢᠩ ᠦᠭᠡᠢ ᠭᠡᠷᠡᠴᠢ ︵1 ᠰᠠᠷ᠎ᠠ ᠶᠢᠨ ᠳᠣᠲᠣᠷ᠎ᠠ ᠬᠦᠴᠦᠨ ᠲᠠᠢ᠂ ᠨᠢᠭᠡᠨᠲᠡ ᠤᠷᠤᠭᠯᠠᠭᠰᠠᠳ | ᠪᠤᠯ ᠡᠷ᠎ᠡ ᠡᠮ᠎ᠡ ᠬᠤᠶᠠᠷ ᠡᠲᠡᠭᠡᠳ ᠤᠨ ᠬᠡᠷᠡᠴᠢ ᠶᠢ ᠬᠠᠩᠭᠠᠨ᠎ᠠ︶ ᠮᠠᠲ᠋ᠧᠷᠢᠶᠠᠯ︔ | 2.ᠨᠢᠭᠡᠨᠲᠡ ᠤᠷᠤᠭᠯᠠᠭᠰᠠᠨ ᠪᠤᠯ ᠤᠷᠤᠭ ᠤᠨ ᠪᠠᠳᠤᠯᠠᠪᠤᠷᠢ᠂ ᠬᠤᠯᠪᠣᠰᠤ ᠶᠢᠨ ᠬᠢᠨᠢ ᠪᠡᠶ᠎ᠡ ᠶᠢᠨ ᠦᠨᠡᠮᠯᠡᠯ ᠤᠨ | ᠤᠭ ᠮᠠᠲ᠋ᠧᠷᠢᠶᠠᠯ ᠢ ᠬᠠᠩᠭᠠᠨ᠎ᠠ︔ | ᠤᠷᠤᠭᠯᠠᠭᠠᠳᠤᠢ ᠪᠤᠯ ᠡᠷᠦᠬᠡ ᠠᠮᠠ ᠶᠢᠨ ᠳᠡᠪᠲᠡᠷ ᠤᠨ ᠤᠭ ᠮᠠᠲ᠋ᠧᠷᠢᠶᠠᠯ ᠢ ᠬᠠᠩᠭᠠᠨ᠎ᠠ︔ ᠤᠷᠤᠭ | ᠰᠠᠯᠤᠭᠰᠠᠨ ᠪᠤᠯ ᠤᠷᠤᠭ ᠰᠠᠯᠤᠭᠰᠠᠨ ᠦᠨᠡᠮᠯᠡᠯ᠂ ᠡᠷᠦᠬᠡ ᠠᠮᠠ ᠶᠢᠨ ᠳᠡᠪᠲᠡᠷ ᠤᠨ ᠤᠭ ᠮᠠᠲ᠋ᠧᠷᠢᠶᠠᠯ ᠢ ᠬᠠᠩᠭᠠᠨ᠎ᠠ︔ | | ᠭᠤᠷᠪᠠᠨ ᠬᠡᠦᠬᠡᠳ ᠲᠠᠢ ᠭᠡᠷ ᠪᠦᠯᠢ ᠡᠷᠦᠬᠡ ᠠᠮᠠ ᠶᠢᠨ ᠳᠡᠪᠲᠡᠷ ᠪᠤᠶᠤ ᠠᠨᠠᠭᠠᠬᠤ ᠤᠬᠠᠭᠠᠨ ᠤ ᠲᠥᠷᠥᠭᠰᠡᠨ | ᠭᠡᠷᠡᠴᠢ ᠪᠤᠶᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠵᠡᠷᠭᠡ ᠶᠢᠨ ᠭᠠᠷᠭᠠᠭᠰᠠᠨ ᠬᠤᠯᠪᠣᠭᠳᠠᠯ ᠪᠦᠬᠦᠢ | ᠭᠡᠷᠡᠴᠢ ᠶᠢᠨ ᠤᠭ ᠮᠠᠲ᠋ᠧᠷᠢᠶᠠᠯ ᠢ ᠬᠠᠩᠭᠠᠨ᠎ᠠ︔ | 3. ᠭᠠᠷᠭᠠᠨ ᠠᠪᠤᠭᠴᠢ ᠶᠢᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ︔ | 4.ᠭᠠᠷᠭᠠᠨ ᠠᠪᠤᠭᠴᠢ ᠶᠢᠨ ᠪᠠᠩᠬᠢ ᠶᠢᠨ ᠺᠠᠷᠲ ︵ᠦᠢᠯᠡᠳᠪᠦᠷᠢ ᠬᠤᠳᠠᠯᠳᠤᠭᠠᠨ ᠤ ᠪᠠᠩᠬᠢ᠂ | ᠲᠠᠷᠢᠶᠠᠯᠠᠩ ᠤᠨ ᠪᠠᠩᠬᠢ᠂ ᠳᠤᠮᠳᠠᠳᠤ ᠤᠯᠤᠰ ᠤᠨ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠵᠠᠮ | ᠬᠠᠷᠢᠯᠴᠠᠭᠠᠨ ᠤ ᠪᠠᠩᠬᠢ ᠶᠢᠨ ᠨᠢᠭᠡᠳᠦᠭᠡᠷ ᠲᠦᠷᠦᠯ ᠤᠨ ᠬᠠᠳᠠᠭᠠᠯᠠᠮᠵᠢ ᠶᠢᠨ ᠺᠠᠷᠲ︶ ᠤᠨ ᠤᠭ ᠮᠠᠲ᠋ᠧᠷᠢᠶᠠᠯ︔ |