5 ᠰᠠᠷ᠎ᠠ ᠶᠢᠨ 6 ᠤ ᠡᠳᠦᠷ᠂ ᠳᠤᠭᠤᠷᠢᠭ ᠤᠨ ᠨᠠᠮ ᠤᠨ ᠬᠤᠷᠢᠶ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ | ᠰᠢᠢᠳᠪᠦᠷᠢᠯᠡᠬᠦ ᠠᠵᠢᠯ ᠤᠨ ᠠᠬᠢᠭᠤᠯᠤᠯᠳᠠ ᠶᠢᠨ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠣᠣ ᠬᠠᠮᠢᠶ᠎ᠠ ᠪᠦᠬᠦᠢ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠬᠦᠯᠦᠯᠳᠡ | ᠶᠢ ᠰᠤᠨᠤᠰᠪᠠ᠃ | ᠭᠤᠣ ᠢ ᠳ᠋ᠦᠩ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠰᠠᠶᠢᠲᠤᠷ ᠰᠢᠢᠳᠪᠤᠷᠢᠯᠡᠬᠦ ᠶᠠᠪᠤᠳᠠᠯ ᠪᠣᠯ ᠠᠷᠠᠳ | ᠲᠦᠮᠡᠨ ᠢᠶᠠᠷ ᠭᠤᠤᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠣᠯᠠᠨ ᠲᠦᠮᠡᠨ ᠤ ᠠᠩᠬᠠᠷᠤᠯ ᠳᠤ ᠬᠠᠷᠢᠭᠤᠯᠲᠠ ᠥᠭᠭᠦᠭᠰᠡᠨ ᠪᠣᠳᠠᠲᠠᠢ | ᠠᠵᠢᠯᠯᠠᠭ᠎ᠠ ᠮᠥᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠦᠴᠦᠲᠡᠢ ᠠᠷᠭ᠎ᠠ ᠬᠡᠮᠵᠢᠶ᠎ᠡ | ᠮᠥᠨ᠃ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠂ ᠳᠠᠭᠠᠭᠠᠴᠢᠯᠠᠨ ᠬᠤᠯᠪᠤᠭᠠᠯᠠᠵᠤ ᠪᠠᠶᠢᠭ᠎ᠠ ᠤᠳᠤᠷᠢᠳᠤᠯᠭ᠎ᠠ ᠪᠤᠯᠤᠨ ᠳᠤᠰᠬᠠᠢ ᠳᠤᠭᠤᠶᠢᠯᠠᠩ ᠤᠨ | ᠬᠡᠰᠢᠬᠦᠳ ᠤᠨ ᠬᠠᠷᠢᠭᠤᠴᠠᠯᠭ᠎ᠠ ᠶᠢ ᠴᠢᠩᠭ᠎ᠠ ᠪᠤᠳᠠᠳᠠᠶᠢᠵᠢᠭᠤᠯᠵᠤ᠂ ᠪᠣᠳᠠᠲᠠᠢ ᠳᠤ ᠰᠠᠭᠤᠷᠢᠯᠠᠨ᠂ ᠠᠰᠠᠭᠤᠳᠠᠯ ᠢ ᠡᠮᠬᠢᠯᠡᠵᠦ᠂ ᠵᠠᠩᠬᠢᠷᠠᠭ᠎ᠠ ᠶᠢ ᠣᠨᠣᠪᠴᠢᠲᠠᠢ | ᠡᠷᠢᠨ᠂ ᠲᠦᠷᠭᠡᠨ ᠠᠬᠢᠭᠤᠯᠵᠤ᠂ ᠡᠯ᠎ᠡ ᠬᠤᠯᠪᠣᠭᠳᠠᠯ ᠪᠦᠬᠦᠢ ᠵᠡᠭᠡᠯᠢ ᠭᠤᠳᠤᠮᠵᠢ ᠪᠣᠯᠣᠨ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ᠂ ᠢᠳᠡᠪᠬᠢᠲᠡᠢ | ᠬᠠᠮᠵᠢᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ ᠪᠠᠶᠢᠭᠠᠳ ᠡᠯ᠎ᠡ ᠲᠦᠷᠦᠯ ᠤᠨ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ | ᠬᠡᠷᠡᠭᠲᠡᠢ᠃ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠠᠵᠢᠯ ᠤᠨ ᠲᠤᠰᠬᠠᠢ ᠠᠩᠭᠢ᠂ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠠᠵᠢᠯᠯᠠᠭᠠᠨ ᠤ | ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠭᠡ ᠶᠢᠨ ᠬᠤᠪᠢᠶᠠᠷᠢᠯᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠵᠤ ᠠᠬᠤᠶᠢᠯᠠᠯ᠂ | ᠲᠦᠷᠦᠯ ᠵᠦᠢᠯ ᠳᠤ ᠭᠦᠨᠵᠡᠭᠡᠶᠢᠷᠡᠨ᠂ ᠲᠤᠬᠠᠢ ᠶᠢᠨ ᠭᠠᠵᠠᠷ ᠲᠤᠨᠢ ᠰᠣᠷᠪᠤᠯᠵᠢᠯᠠᠭ᠎ᠠ ᠶᠢ ᠬᠦᠯᠢᠶᠡᠨ ᠠᠪᠴᠤ᠂ ᠲᠤᠬᠠᠢ ᠶᠢᠨ ᠲᠠᠯᠠᠪᠤᠷ ᠲᠤᠨᠢ ᠠᠯᠪᠠᠯᠠᠵᠤ᠂ ᠤᠯᠠᠨ | ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠤᠷᠢᠳᠴᠢᠯᠠᠨ ᠲᠤᠰᠢᠶᠠᠬᠤ ᠲᠦᠷᠦᠯ ᠵᠦᠢᠯ ᠢ ᠲᠣᠭᠲᠠᠭᠰᠠᠨ | ᠬᠤᠭᠤᠴᠠᠭᠠᠨ ᠳᠤ ᠲᠤᠰᠢᠶᠠᠬᠤ ᠶᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠢ ᠠᠬᠢᠭᠤᠯᠬᠤ ᠬᠡᠷᠡᠭᠲᠡᠢ᠃ ᠵᠤᠬᠢᠴᠠᠯᠳᠤᠨ ᠬᠠᠮᠲᠤᠷᠠᠨ ᠬᠥᠳᠡᠯᠦᠯᠴᠡᠬᠦ ᠶᠢ | ᠴᠢᠩᠭᠠᠳᠬᠠᠨ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠳᠡᠷᠡᠯᠴᠡᠭᠡ ᠵᠤᠯᠭᠠᠯᠴᠠᠭ᠎ᠠ ᠪᠠᠨ ᠴᠢᠩᠭᠠᠳᠬᠠᠨ᠂ ᠮᠡᠳᠡᠭᠡ ᠵᠠᠩᠭᠢ ᠶᠢᠨ | ᠬᠠᠷᠢᠯᠴᠠᠨ ᠨᠡᠪᠲᠡᠷᠡᠯᠴᠡᠬᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠶᠢ ᠦᠨᠡᠨᠬᠦ ᠪᠠᠲᠤᠯᠠᠵᠤ᠂ ᠦᠨᠡᠮᠯᠡᠯ ᠭᠦᠢᠴᠡᠳᠬᠡᠬᠦ ᠠᠷᠭ᠎ᠠ ᠵᠠᠮ ᠤᠨ ᠰᠠᠭᠠᠳ | ᠦᠭᠡᠢ ᠪᠠᠶᠢᠬᠤ ᠶᠢ ᠢᠮᠠᠭᠲᠠ ᠪᠠᠲᠤᠯᠠᠵᠤ᠂ ᠣᠯᠠᠨ ᠲᠦᠮᠡᠨ ᠤ ᠦᠨᠡᠮᠯᠡᠯ ᠭᠦᠢᠴᠡᠳᠬᠡᠬᠦ ᠵᠢᠯᠣᠭᠤᠳᠤᠯᠭ᠎ᠠ ᠦᠢᠯᠡᠴᠢᠯᠡᠭᠡ ᠶᠢ ᠴᠠᠭ ᠲᠤᠬᠠᠢ ᠳᠤᠨᠢ ᠰᠠᠶᠢᠲᠤᠷ ᠬᠢᠵᠦ᠂ | ᠦᠨᠡᠮᠯᠡᠯ ᠭᠦᠢᠴᠡᠳᠬᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠠᠵᠢᠯ ᠢ ᠬᠠᠤᠯᠢ ᠲᠣᠭᠲᠠᠭᠠᠯ ᠶᠣᠰᠣᠭᠠᠷ ᠠᠮᠢᠳᠤᠯᠢᠭ ᠪᠥᠭᠡᠳ ᠡᠮᠬᠢ | ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ᠬᠦᠴᠦᠨ ᠢ ᠨᠡᠶᠢᠳᠬᠡᠬᠦ ᠶᠢ ᠴᠢᠩᠭᠠᠳᠬᠠᠨ᠂ ᠳᠣᠲᠣᠭᠠᠳᠤ ᠶᠢ ᠬᠠᠮᠠᠭᠠᠯᠠᠬᠤ ᠳᠤᠪᠴᠢᠶ᠎ᠠ ᠪᠠᠶᠢᠴᠠᠭᠠᠬᠤ ᠬᠤᠷᠢᠶ᠎ᠠ ᠰᠢᠭᠦᠬᠦ | ᠬᠤᠷᠢᠶᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠠᠵᠢᠯ ᠳᠠᠭᠠᠨ ᠭᠠᠪᠰᠢᠭᠠᠢ ᠬᠥᠮᠥᠰ ᠢ ᠰᠤᠩᠭᠤᠨ᠂ ᠠᠵᠢᠯ ᠤᠨ ᠲᠤᠰᠬᠠᠢ | ᠠᠩᠭᠢ ᠪᠠᠶᠢᠭᠤᠯᠵᠤ᠂ ᠠᠵᠢᠯ ᠤᠨ ᠡᠬᠡ ᠳᠠᠩᠰᠠ ᠪᠠᠶᠢᠭᠤᠯᠤᠨ᠂ ᠲᠤᠰᠬᠠᠢ ᠮᠡᠷᠭᠡᠵᠢᠯ ᠤᠨ ᠬᠦᠴᠦᠨ ᠢ ᠰᠠᠶᠢᠲᠤᠷ ᠬᠡᠷᠡᠭᠯᠡᠵᠦ᠂ ᠬᠠᠤᠯᠢ ᠲᠣᠭᠲᠠᠭᠠᠯ ᠢ ᠵᠢᠷᠤᠮᠯᠠᠨ᠂ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠤᠨ ᠬᠠᠤᠯᠢ ᠴᠠᠭᠠᠵᠠ ᠳᠤ | ᠬᠤᠯᠪᠣᠭᠳᠠᠬᠤ ᠵᠠᠷᠭᠤ ᠳᠤ ᠬᠤᠯᠪᠣᠭᠳᠠᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠲᠣᠬᠢᠷᠠᠭᠤᠯᠤᠨ ᠠᠬᠢᠭᠤᠯᠬᠤ ᠶᠢ ᠴᠢᠩᠭᠠᠳᠬᠠᠨ᠂ ︽ᠲᠤᠰᠬᠠᠢ | ᠠᠩᠭᠢ ᠲᠣᠬᠢᠷᠠᠭᠤᠯᠬᠤ + ᠠᠵᠢᠯᠯᠠᠬᠤ ᠳᠤᠭᠤᠶᠢᠯᠠᠩ ᠲᠣᠬᠢᠷᠠᠭᠤᠯᠬᠤ︾ ᠲᠣᠭᠲᠠᠴᠠ ᠶᠢ ᠬᠡᠷᠡᠭᠵᠢᠭᠦᠯᠵᠦ᠂ ᠪᠡᠯᠡ ᠮᠥᠩᠭᠦ ᠴᠤᠭᠯᠠᠭᠤᠯᠬᠤ ᠲᠥᠰᠥᠯ ᠪᠣᠯᠣᠨ | ᠠᠷᠢᠯᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠵᠦᠢᠯ ᠤᠨ ᠠᠵᠢᠯ ᠤᠨ ᠲᠣᠭᠲᠠᠭᠤᠨ ᠢᠶᠠᠷ ᠠᠬᠢᠬᠤ ᠶᠢ ᠪᠠᠲᠤᠯᠠᠬᠤ | ᠬᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠶᠢ ᠴᠢᠩᠭᠠᠳᠬᠠᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ | ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠵᠤ᠂ ᠦᠷ᠎ᠡ | ᠪᠦᠲᠦᠮᠵᠢ ᠶᠢ ᠴᠢᠬᠤᠯᠠᠴᠢᠯᠠᠨ᠂ ᠠᠵᠢᠯ ᠥᠷᠨᠢᠭᠦᠯᠦᠭᠰᠡᠨ ᠪᠠᠶᠢᠳᠠᠯ ᠢᠶᠠᠨ ᠴᠠᠭ ᠲᠤᠬᠠᠢ ᠳᠤᠨᠢ ᠮᠡᠳᠡᠭᠡᠯᠡᠵᠦ᠂ ᠴᠢᠩᠭ᠎ᠠ ᠨᠢᠮᠪᠠᠢ ᠱᠠᠯᠠᠪᠳᠠᠭᠤᠯᠤᠨ ᠪᠠᠶᠢᠴᠠᠭᠠᠵᠤ | ᠰᠢᠯᠭᠠᠨ ᠦᠨᠡᠯᠡᠬᠦ ᠲᠣᠭᠲᠠᠴᠠ ᠪᠠᠷ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠠᠵᠢᠯ ᠤᠨ ᠪᠣᠳᠠᠲᠤ ᠦᠷ᠎ᠡ | ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠬᠡᠵᠡᠢ᠃ | ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠪᠠ᠃ | | | |