5 ᠰᠠᠷ᠎ᠠ ᠶᠢᠨ 6 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ | ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ 1- 4 ᠳ᠋ᠤᠬᠡᠷ ᠰᠠᠷ᠎ᠠ ᠶᠢᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠰᠣᠨᠣᠰᠴᠤ᠂ ᠣᠳᠣᠬᠠᠨ ᠤ ᠠᠵᠤ | ᠠᠬᠤᠢ ᠶᠢᠨ ᠪᠠᠶᠢᠳᠠᠯ ᠢ ᠭᠦᠨᠵᠡᠭᠡᠢ ᠵᠠᠳᠠᠯᠤᠨ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ | ᠭᠤᠤ ᠢ ᠳ᠋ᠦᠩ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠣᠨ ᠳ᠋ᠦᠩᠱᠧᠩ ᠲᠣᠭᠤᠷᠢᠭ ᠤᠨ ᠬᠢᠨ ᠠᠵᠤ ᠠᠬᠤᠢ ᠶᠢᠨ ᠠᠵᠢᠯ ᠢ ᠰᠠᠶᠢᠲᠤᠷ | ᠠᠳᠬᠤᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠨ᠂ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ | ᠡᠭᠦᠷᠭᠡ ᠶᠢ ᠪᠠᠲᠤ ᠡᠵᠡᠮᠳᠡᠵᠦ᠂ ᠡᠷᠴᠢᠮᠯᠢᠭ ᠬᠥᠭᠵᠢᠯᠲᠡ ᠶᠢᠨ ᠬᠠᠨᠳᠤᠰᠢ ᠪᠠᠨ ᠪᠠᠲᠤᠯᠠᠵᠤ᠂ ᠬᠠᠷᠠᠯᠲᠠ ᠪᠠᠨ ᠳᠤᠭᠳᠠᠭᠠᠨ ᠪᠦᠬᠦ ᠬᠦᠴᠦᠨ ᠢᠶᠠᠷ ᠢᠶᠠᠨ ᠲᠡᠮᠡᠴᠡᠵᠦ᠂ | ᠪᠦᠬᠦ ᠳᠤᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ᠰᠠᠯᠠᠭ᠎ᠠ ᠮᠥᠴᠢᠷ ᠤᠨ ᠵᠣᠬᠢᠴᠠᠭᠤᠯᠤᠨ | ᠬᠠᠮᠲᠤᠷᠠᠯᠴᠠᠬᠤ ᠶᠢ ᠴᠢᠩᠭᠠᠳᠬᠠᠨ᠂ ᠰᠠᠨᠠᠭᠠᠴᠢᠯᠠᠭᠠᠲᠤ ᠴᠢᠨᠠᠷ ᠢ ᠴᠢᠩᠭᠠᠳᠬᠠᠨ᠂ ᠰᠠᠨᠠᠭᠠᠴᠢᠯᠠᠭᠠᠲᠤ ᠡᠷᠬᠡ ᠶᠢ ᠡᠵᠡᠮᠳᠡᠨ᠂ ᠭᠦᠢᠴᠡᠳᠬᠡᠯ ᠲᠤᠭ᠎ᠠ ᠶᠢᠨ ᠲᠤᠭ᠎ᠠ | ᠪᠠᠷᠢᠮᠲᠠ ᠶᠢ ᠰᠢᠨᠵᠢᠯᠡᠬᠦ ᠤᠬᠠᠭᠠᠨᠴᠢ ᠪᠠᠷ ᠵᠠᠳᠠᠯᠤᠨ ᠰᠤᠳᠤᠯᠤᠨ ᠮᠠᠭᠠᠳᠯᠠᠵᠤ᠂ ᠲᠦᠷᠦ ᠶᠢᠨ ᠪᠣᠳᠣᠯᠭ᠎ᠠ ᠶᠢᠨ ᠠᠰᠢᠭ ᠲᠤᠰᠠ ᠶᠢ ᠨᠡᠪᠲᠡᠷᠬᠡᠢ ᠡᠵᠡᠮᠰᠢᠨ᠂ | ᠲᠦᠷᠦ ᠶᠢᠨ ᠪᠣᠳᠣᠯᠭ᠎ᠠ ᠶᠢᠨ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠶᠢᠨ ᠲᠣᠭᠤᠷᠢᠨ ᠳᠤ ᠰᠢᠯᠢᠳᠡᠭ | ᠲᠦᠷᠦᠯ ᠵᠦᠢᠯ ᠢ ᠭᠦᠨᠵᠡᠭᠡᠢ ᠲᠦᠯᠦᠪᠵᠢᠬᠦᠯᠦᠨ᠂ ᠲᠦᠷᠦ ᠶᠢᠨ ᠪᠣᠳᠣᠯᠭ᠎ᠠ ᠶᠢᠨ ᠠᠰᠢᠭ ᠲᠤᠰᠠ ᠶᠢ ᠬᠥᠭᠵᠢᠯᠲᠡ ᠶᠢᠨ ᠬᠠᠨᠳᠤᠰᠢ ᠪᠣᠯᠭᠠᠨ ᠲᠠᠰᠤᠷᠠᠯᠲᠠ ᠦᠭᠡᠢ | ᠬᠤᠪᠢᠷᠠᠭᠤᠯᠬᠤ ᠬᠡᠷᠡᠭᠲᠡᠢ᠃ ᠠᠵᠤ ᠦᠢᠯᠡᠳᠪᠦᠷᠢ ᠶᠢᠨ ᠲᠣᠬᠢᠷᠠᠭᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠂ ᠪᠠᠲᠤᠯᠠᠭ᠎ᠠ᠂ ᠤᠷᠢᠳᠴᠢᠯᠠᠭᠰᠠᠨ ᠦᠢᠯᠡᠴᠢᠯᠡᠭᠡ ᠶᠢ | ᠴᠢᠩᠭᠠᠳᠬᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠠᠷᠤᠯᠲᠠ ᠶᠢ ᠲᠣᠭᠲᠠᠪᠤᠷᠢᠵᠢᠭᠤᠯᠤᠨ ᠭᠠᠷᠤᠯᠲᠠ ᠶᠢ ᠨᠡᠮᠡᠭᠳᠡᠬᠦᠯᠵᠤ᠂ ᠠᠵᠢᠯ ᠡᠬᠢᠯᠡᠭᠦᠯᠬᠦ ᠪᠠᠷ ᠪᠠᠶᠢᠭ᠎ᠠ | ᠪᠠ ᠠᠰᠢᠭᠯᠠᠯᠲᠠ ᠳᠤ ᠣᠷᠣᠭᠤᠯᠬᠤ ᠪᠠᠷ ᠪᠠᠶᠢᠭ᠎ᠠ ᠲᠦᠷᠦᠯ ᠵᠦᠢᠯ ᠢ ᠡᠷᠲᠡ ᠠᠵᠢᠯ ᠡᠬᠢᠯᠡᠭᠦᠯᠦᠨ ᠡᠷᠲᠡ ᠠᠰᠢᠭᠯᠠᠯᠲᠠ ᠳᠤ ᠣᠷᠣᠭᠤᠯᠬᠤ ᠶᠢ ᠲᠠᠰᠤᠷᠠᠯᠲᠠ ᠦᠭᠡᠢ | ᠠᠬᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠡᠩ ᠤᠯᠠᠨ ᠪᠣᠳᠠᠲᠤ ᠠᠬᠢᠴᠠ ᠲᠠᠢ ᠪᠣᠯᠭᠠᠬᠤ ᠶᠢ ᠪᠠᠳᠤᠯᠠᠨ᠂ ᠨᠡᠩ ᠤᠯᠠᠨ | ᠪᠡᠯᠡ ᠣᠷᠣᠭᠤᠯᠤᠯᠲᠠ ᠶᠢᠨ ᠪᠣᠳᠠᠲᠤ ᠪᠣᠳᠠᠰ ᠤᠨ ᠬᠡᠮᠵᠢᠶ᠎ᠡ ᠶᠢ ᠪᠤᠢ ᠪᠣᠯᠭᠠᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢᠨ ᠲᠠᠯᠳᠠ ᠬᠦᠴᠦᠨ ᠢ ᠪᠠᠳᠠᠷᠠᠭᠤᠯᠬᠤ ᠳᠤ | ᠠᠩᠬᠠᠷᠤᠯ ᠢᠶᠠᠨ ᠲᠦᠪᠯᠡᠷᠡᠬᠦᠯᠦᠨ᠂ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠵᠤ᠂ | ᠦᠢᠯᠡᠴᠢᠯᠡᠭᠡᠨ ᠤ ᠦᠢᠯᠡᠰ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠂ ᠨᠡᠶᠢᠭᠡᠮ ᠤᠨ ᠬᠡᠷᠡᠭᠯᠡᠭᠡ ᠶᠢᠨ ᠰᠡᠷᠭᠦᠯᠲᠡ ᠶᠢ | ᠦᠷᠭᠦᠯᠵᠢᠯᠡᠨ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠬᠡᠷᠡᠭᠯᠡᠭᠡ ᠶᠢᠨ ᠰᠠᠭᠤᠷᠢ ᠴᠢᠨᠠᠷᠲᠠᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ | ᠬᠡᠷᠡᠭᠲᠡᠢ᠃ ︽ᠰᠢᠢᠳᠪᠤᠷᠢᠯᠡᠬᠦ ᠰᠡᠳᠬᠢᠬᠦᠢ︾ ᠶᠢ ᠪᠤᠢ ᠪᠤᠯᠭᠠᠨ᠂ ︽ᠳᠠᠩᠰᠠ ᠲᠤᠰᠢᠶᠠᠬᠤ ᠤᠬᠠᠮᠰᠠᠷ︾ ᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠷᠭ᠎ᠠ ᠶᠢ | ᠨᠠᠷᠢᠨ ᠬᠢᠨᠠᠮᠠᠭᠠᠢ ᠰᠤᠳᠤᠯᠤᠨ᠂ ᠲᠤᠭ᠎ᠠ ᠪᠠᠷᠢᠮᠲᠠ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ︽ᠨᠢᠭᠡ ᠠᠵᠤ ᠠᠬᠤᠶᠢᠯᠠᠯ ᠳᠤ ᠨᠢᠭᠡ ᠪᠣᠳᠣᠯᠭ᠎ᠠ ᠲᠣᠭᠲᠠᠭᠠᠬᠤ︾ | ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠣᠷᠣᠭᠤᠯᠬᠤ ᠶᠣᠰᠣᠲᠠᠢ ᠶᠢ ᠨᠢ ᠪᠦᠬᠦᠨ ᠢ | ᠣᠷᠣᠭᠤᠯᠵᠤ᠂ ᠪᠦᠷᠢᠳᠬᠡᠪᠡᠰᠤ ᠵᠣᠬᠢᠬᠤ ᠶᠢ ᠨᠢ ᠪᠦᠬᠦᠨ ᠢ ᠪᠦᠷᠢᠳᠬᠡᠵᠤ᠂ ᠰᠢᠨᠵᠢᠯᠡᠬᠦ ᠤᠬᠠᠭᠠᠨᠴᠢ ᠪᠠᠷ ᠪᠦᠷᠢᠳᠬᠡᠬᠦ ᠶᠢ ᠪᠠᠲᠤᠯᠠᠵᠤ᠂ ᠪᠦᠬᠦ ᠳᠤᠭᠤᠷᠢᠭ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠣᠨᠣᠪᠴᠢᠲᠠᠢ ᠲᠤᠰᠬᠠᠬᠤ ᠶᠢ ᠪᠠᠲᠤᠯᠠᠬᠤ ᠬᠡᠷᠡᠭᠲᠡᠢ ᠬᠡᠵᠡᠢ᠃ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠳᠠᠳ ᠣᠷᠣᠯᠴᠠᠪᠠ᠃ | | | |