ᠳ᠋ᠦᠩᠱᠧᠩ ᠲᠣᠭᠤᠷᠢᠭ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/5/8
      5 ᠰᠠᠷ᠎ᠠ ᠶᠢᠨ 7 ᠤ ᠡᠳᠦᠷ᠂ 2025 ᠣᠨ ᠤ ᠳ᠋ᠦᠩᠱᠧᠩ ᠲᠣᠭᠤᠷᠢᠭ ᠤᠨ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠴᠤᠭᠴᠠᠯᠠᠯᠳᠠ ᠶᠢ ᠪᠥᠬᠦ ᠲᠠᠯ᠎ᠠ ᠪᠠᠷ ᠠᠬᠢᠭᠤᠯᠤᠶ᠎ᠠ︾ ᠳᠤᠰᠬᠠᠢ ᠰᠡᠳᠤᠪᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠲᠦᠪᠯᠡᠷᠡᠬᠦᠯᠦᠨ ᠤᠬᠠᠭᠤᠯᠬᠤ ᠠᠵᠢᠯᠯᠠᠭ᠎ᠠ ᠦᠨᠳᠦᠰᠦᠲᠡᠨ ᠤ ᠵᠡᠭᠡᠯᠢ ᠭᠤᠳᠤᠮᠵᠢ ᠶᠢᠨ ᠰᠦᠯᠳᠡ ᠠᠭᠤᠳᠠᠮ ᠲᠠᠯᠠᠪᠠᠶ ᠳᠤ ᠶᠠᠪᠤᠭᠳᠠᠪᠠ᠃ ᠲᠤᠰ ᠠᠵᠢᠯᠯᠠᠭ᠎ᠠ ᠶᠢ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠭᠤᠣᠯᠯᠠᠨ ᠡᠷᠬᠢᠯᠡᠵᠦ᠂ ᠲᠣᠭᠤᠷᠢᠭ ᠤᠨ ᠦᠨᠳᠦᠰᠦᠲᠡᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠰᠦᠯᠳᠡ ᠨᠡᠶᠢᠭᠡᠮ ᠲᠣᠭᠤᠷᠢᠭ᠂ ᠲᠣᠭᠤᠷᠢᠭ ᠤᠨ ᠤᠯᠠᠭᠠᠨᠮᠥ᠋ᠴᠢᠷ ᠠᠴᠠ ᠳᠠᠭᠠᠭᠠᠴᠢᠯᠠᠨ ᠡᠷᠬᠢᠯᠡᠵᠦ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠡ ᠵᠢᠴᠢ ᠦᠨᠳᠦᠰᠦᠲᠡᠨ ᠨᠦᠭᠦᠳ ᠤᠨ ᠤᠯᠠᠨ ᠲᠦᠮᠡᠨ ᠬᠠᠮᠲᠤᠪᠠᠷ ᠠᠵᠢᠯᠯᠠᠭ᠎ᠠ ᠳᠤ ᠤᠷᠤᠯᠴᠠᠪᠠ᠃        ᠠᠵᠢᠯᠯᠠᠭᠠᠨ ᠤ ᠲᠠᠯᠠᠪᠠᠢ ᠳᠤ᠂ ᠤᠯᠠᠭᠠᠨᠮᠥ᠋ᠴᠢᠷ ᠤᠨ ᠬᠢᠨ ᠤᠷᠠᠨ ᠰᠠᠶᠢᠬᠠᠨ ᠤ ᠲᠣᠭᠯᠠᠯᠲᠠ ᠪᠠᠷ ᠢᠶᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠤᠣᠯ ᠬᠦᠭ ᠠᠶᠠᠰ ᠢ ᠬᠠᠩᠭᠢᠨᠠᠭᠤᠯᠬᠤ ᠶᠢᠨ ᠬᠠᠮᠲᠤ ᠦᠨᠳᠦᠰᠦᠲᠡᠨ ᠨᠦᠭᠦᠳ ᠤᠨ ᠨᠢᠭᠡ ᠭᠡᠷ ᠤᠨ ᠬᠥᠮᠥᠨ ᠮᠡᠲᠦ ᠡᠶ᠎ᠡ ᠵᠣᠬᠢᠴᠠᠩᠭᠤᠢ ᠠᠭᠤᠷ ᠠᠮᠢᠰᠬᠤᠯ ᠢ ᠢᠯᠡᠷᠡᠭᠦᠯᠪᠡ᠃ ᠠᠵᠢᠯᠲᠠᠳ ᠠᠴᠠ ᠲᠤᠬᠠᠢ ᠶᠢᠨ ᠲᠠᠯᠠᠪᠤᠷ ᠤᠨ ᠣᠯᠠᠨ ᠲᠦᠮᠡᠨ ᠳᠤ ᠤᠬᠠᠭᠤᠯᠭ᠎ᠠ ᠶᠢᠨ ᠪᠤᠳᠠᠰ ᠪᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠵᠢᠯᠯᠠᠭ᠎ᠠ ᠳᠤ ᠣᠷᠣᠯᠴᠠᠭᠰᠠᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠪᠠ ᠤᠯᠤᠰ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠭ ᠪᠢᠴᠢᠭ ᠤᠨ ᠬᠡᠯᠪᠡᠷᠢ ᠪᠠᠷ ᠥᠷᠭᠡᠨ ᠢᠶᠠᠷ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠬᠥᠮᠥᠰ ᠤᠨ ᠰᠡᠳᠬᠢᠯ ᠳᠤ ᠬᠠᠳᠠᠩᠰᠢᠭᠤᠯᠵᠠᠢ᠃       ᠭᠤᠣᠯ ᠲᠠᠯᠠᠪᠤᠷ ᠤᠨ ᠠᠵᠢᠯᠯᠠᠭ᠎ᠠ ᠪᠠᠷ ᠠᠵᠠ ᠲᠣᠬᠢᠶᠠᠯ ᠪᠤᠯᠭᠠᠨ᠂ ᠳ᠋ᠦᠩᠱᠧᠩ ᠲᠣᠭᠤᠷᠢᠭ ᠤᠨ ᠬᠢᠨ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠪᠣᠯᠣᠨ ᠬᠠᠤᠯᠢ ᠴᠠᠭᠠᠵᠠ ᠬᠠᠤᠯᠢ ᠲᠣᠭᠲᠠᠭᠠᠯ ᠢ ᠪᠠᠶᠢᠭᠤᠯᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠰᠤᠷᠭᠠᠭᠤᠯᠢ᠂ ᠴᠡᠷᠢᠭ ᠠᠩᠬᠢ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ᠂ ᠰᠣᠶᠣᠯ ᠵᠤᠭᠠᠴᠠᠯ ᠤᠨ ᠲᠠᠯᠠᠪᠤᠷ᠂ ᠰᠦᠯᠵᠢᠶ᠎ᠡ ᠵᠡᠷᠭᠡ 9 ᠬᠦᠷᠢᠶ᠎ᠡ ᠵᠢᠴᠢ ᠨᠡᠶᠢᠭᠡᠮ ᠤᠨ ᠡᠯ᠎ᠡ ᠬᠦᠷᠢᠶ᠎ᠡ ᠳᠤ ᠣᠷᠣᠭᠤᠯᠬᠤ ᠶᠢ ᠦᠷᠭᠦᠯᠵᠢᠯᠡᠨ ᠠᠬᠢᠭᠤᠯᠵᠤ᠂ ᠤᠬᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠪᠠ ᠭᠦᠨᠵᠡᠭᠡᠢ ᠠᠬᠢᠭᠤᠯᠬᠤ ᠶᠢ ᠪᠡᠶᠡᠯᠡᠬᠦᠯᠦᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠩᠭᠤᠵᠢᠭᠤᠯᠬᠤ ᠪᠤᠯᠤᠨ᠎ᠠ᠃ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠵᠢᠷᠭᠠᠯ ᠵᠣᠪᠠᠯᠠᠩ ᠢᠶᠠᠨ ᠬᠤᠤᠰᠯᠠᠭᠤᠯᠤᠨ᠂ ᠢᠷᠠᠭᠤ ᠠᠯᠳᠠᠷ ᠢᠴᠢᠬᠦᠷᠢ ᠭᠤᠳᠤᠮᠰᠢᠭ ᠢᠶᠠᠨ ᠬᠠᠮᠳᠤᠳᠬᠠᠵᠤ᠂ ᠦᠬᠦᠵᠦ ᠰᠡᠬᠡᠬᠦ ᠪᠠᠨ ᠬᠠᠮᠳᠤᠳᠬᠠᠨ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠨ ᠪᠠᠬᠢᠵᠢᠬᠦᠯᠵᠡᠢ᠃       ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠪᠠᠰᠠ ᠳᠤᠤᠷᠠᠬᠢ ᠠᠵᠢᠯᠯᠠᠭ᠎ᠠ ᠤᠳ ᠢ ᠡᠷᠬᠢᠯᠡᠬᠦ ᠪᠤᠯᠤᠨ᠎ᠠ᠃ ᠳ᠋ᠦᠩᠱᠧᠩ ᠲᠣᠭᠤᠷᠢᠭ ᠤᠨ ᠬᠢᠨ ᠪᠠᠰᠠ ᠵᠠᠯᠠᠭᠤᠴᠤᠳ ᠪᠠᠭᠠᠴᠤᠳ ᠤᠨ ᠰᠢᠯᠦᠭ ᠳᠠᠭᠤᠯᠠᠯ ᠤᠨ ᠤᠷᠤᠯᠳᠤᠭᠠᠨ ᠢ ᠡᠷᠭᠢᠯᠡᠬᠦ ᠪᠣᠯᠣᠨ᠎ᠠ︔ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠸᠢᠳᠢᠤ᠋ ᠪᠢᠴᠢᠯᠬᠡ ᠪᠠᠷ ᠤᠬᠠᠭᠤᠯᠬᠤ ᠠᠵᠢᠯ ᠢ ᠦᠷᠨᠢᠬᠦᠯᠦᠨ᠎ᠡ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠤᠭᠴᠠᠯᠠᠬᠤ ᠳ᠋ᠦᠩᠱᠧᠩ ᠲᠣᠭᠤᠷᠢᠭ ᠤᠨ ᠤᠯᠠᠮᠵᠢᠯᠠᠯᠲᠤ ᠭᠠᠷ ᠤᠷᠠᠯᠠᠯ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ ᠡᠷᠬᠢᠯᠡᠨ᠎ᠠ᠃ ᠰᠢᠨ᠎ᠡ ᠴᠠᠭ ᠦᠶ᠎ᠡ ᠶᠢᠨ ᠳ᠋ᠦᠩᠱᠧᠩ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠳᠤᠮᠳᠠ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠤᠯᠠᠨ ᠵᠦᠢᠯ ᠤᠨ ᠬᠡᠯᠪᠡᠷᠢ ᠪᠠᠷ ᠦᠵᠡᠬᠦᠯᠵᠤ᠂ ᠪᠦᠬᠦ ᠠᠷᠠᠳ ᠢᠶᠠᠷ ᠢᠶᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠳᠤ ᠣᠷᠣᠯᠴᠠᠬᠤ ᠬᠠᠯᠠᠭᠤᠨ ᠰᠡᠳᠬᠢᠯᠭᠡ ᠶᠢ ᠴᠢᠨᠠᠭᠰᠢᠳᠠ ᠬᠦᠭᠵᠢᠬᠦᠯᠦᠨ᠎ᠡ᠃ ᠳ᠋ᠦᠩᠱᠧᠩ ᠲᠣᠭᠤᠷᠢᠭ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠨᠡᠶᠢᠭᠡᠮ ᠤᠨ ᠣᠶᠢᠯᠠᠭᠠᠯᠲᠠ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ ᠲᠡᠮᠡᠴᠡᠬᠦ ᠡᠶ᠎ᠡ ᠵᠣᠬᠢᠴᠠᠯ ᠲᠠᠢ ᠲᠦᠷᠬᠦ ᠪᠠᠶᠢᠳᠠᠯ ᠢ ᠤᠯᠠᠮ ᠴᠢᠨᠠᠭᠰᠢᠳᠠ ᠢᠯᠡᠷᠡᠬᠦᠯᠦᠨ᠎ᠡ᠃       ᠳ᠋ᠦᠩᠱᠧᠩ ᠲᠣᠭᠤᠷᠢᠭ ᠤᠨ ᠬᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠤᠯᠭᠠᠨ᠂ ᠨᠡᠩ ᠰᠢᠭᠤᠳ᠂ ᠨᠡᠩ ᠠᠮᠢᠳᠤᠯᠢᠭ᠂ ᠣᠯᠠᠨ ᠲᠦᠮᠡᠨ ᠲᠠᠢ ᠨᠡᠩ ᠢᠯᠡᠬᠦᠦ ᠦᠢᠷᠠᠳᠤᠭᠰᠠᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠠᠮᠢᠳᠤᠯᠢᠭ ᠦᠯᠢᠭᠡᠷ ᠢ ᠰᠠᠶᠢᠲᠤᠷ ᠶᠠᠷᠢᠵᠤ᠂ ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠭᠤᠶᠢᠳᠠ ᠰᠠᠶᠢᠬᠠᠨ ᠵᠢᠷᠤᠭ ᠢ ᠬᠠᠮᠲᠤᠪᠠᠷ ᠵᠢᠷᠤᠭᠯᠠᠨ᠂ ᠪᠦᠬᠦ ᠨᠡᠶᠢᠭᠡᠮ ᠢᠶᠠᠷ ᠢᠶᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠬᠠᠮᠲᠤᠪᠠᠷ ᠣᠷᠣᠯᠴᠠᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠣᠷᠳᠣᠰ ᠬᠤᠳᠠ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠬᠤ ᠠᠵᠢᠯ ᠳᠤ ᠨᠡᠩ ᠶᠡᠭᠡ ᠬᠤᠪᠢ ᠨᠡᠮᠡᠷᠢ ᠪᠠᠨ ᠦᠵᠡᠬᠦᠯᠬᠦ ᠪᠤᠯᠤᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ