5 ᠰᠠᠷ᠎ᠠ ᠶᠢᠨ 8 ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠠᠶᠤᠯᠭᠦᠢ ᠦᠢᠯᠡᠳᠪᠦᠷᠢᠯᠡᠯ ᠤᠨ | ᠲᠤᠰᠬᠠᠢ ᠰᠡᠳᠦᠪᠲᠦ ᠰᠡᠷᠡᠮᠵᠢᠯᠡᠭᠦᠯᠦᠨ ᠵᠠᠳᠠᠯᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠪᠡ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠯᠢᠶᠣᠤᠨᠢᠩ ᠤᠨ ᠯᠢᠶᠤᠤᠶᠠᠩ ᠬᠤᠳᠠ ᠶᠢᠨ ᠪᠠᠢ ᠲᠠ ᠲᠣᠭᠤᠷᠢᠭ ᠤᠨ ᠨᠢᠭᠡᠨ ᠵᠣᠴᠢᠳ ᠤᠨ | ᠪᠠᠭᠤᠳᠠᠯ ᠤᠨ ᠭᠠᠯ ᠤᠨ ᠠᠶᠤᠯ ᠪᠣᠯᠣᠨ ᠭᠦᠢᠵᠧᠦ ᠶᠢᠨ ᠪᠢ ᠵᠢᠶᠧ ᠬᠤᠳᠠ ᠶᠢᠨ ᠴᠢᠶᠠᠨ ᠰᠢ ᠬᠤᠳᠠ ᠶᠢᠨ ᠵᠤᠭᠠᠴᠠᠯ ᠤᠨ ᠣᠩᠭᠤᠴᠠ ᠬᠦᠷᠪᠡᠭᠰᠡᠨ ᠬᠡᠷᠡᠭ ᠤᠨ | ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠵᠠᠢ︔ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ | ᠭᠡᠷ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠪᠠ︔ ᠲᠥᠪ ᠤᠨ ᠠᠶᠤᠯᠭᠦᠢ ᠦᠢᠯᠡᠳᠪᠦᠷᠢᠯᠡᠯ ᠤᠨ | ᠰᠢᠯᠭᠠᠨ ᠬᠢᠨᠠᠵᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠷᠪᠠᠳᠤᠭᠠᠷ ᠳᠤᠭᠤᠶᠢᠯᠠᠩ ᠤᠨ ᠥᠪᠥᠷ ᠮᠣᠩᠭᠤᠯ ᠳᠤ ᠢᠯᠡᠷᠡᠭᠦᠯᠦᠭᠰᠡᠨ ᠠᠰᠠᠭᠤᠳᠠᠯ ᠵᠢᠴᠢ | ᠣᠶᠢᠷ᠎ᠠ ᠶᠢᠨ ᠬᠤᠭᠤᠴᠠᠭᠠᠨ ᠤ ᠪᠦᠬᠦ ᠳᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠦᠬᠦᠯᠢ ᠴᠣᠭᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠠᠶᠤᠯᠭᠦᠢ | ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠵᠠᠢ᠃ | ᠬᠤᠷᠠᠯ ᠳᠡᠭᠡᠷ᠎ᠡ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ ᠨᠠᠷ ᠦᠵᠡᠯ ᠰᠠᠨᠠᠭ᠎ᠠ ᠲᠠᠨᠢᠯᠲᠠ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠢᠯ ᠤᠨ ᠠᠷᠭ᠎ᠠ ᠬᠡᠮᠵᠢᠶ᠎ᠡ᠂ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠪᠠ ᠣᠷᠳᠣ ᠬᠤᠭᠤᠴᠠᠭᠠᠨ ᠤ | ᠪᠦᠲᠦᠮᠵᠢᠲᠡᠶ ᠵᠠᠰᠠᠯᠲᠠ ᠵᠡᠷᠭᠡ ᠲᠠᠯ᠎ᠠ ᠪᠠᠷ ᠠᠰᠠᠭᠤᠳᠠᠯ ᠤᠨ ᠳᠤᠲᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠦᠨᠳᠦᠰᠦ ᠰᠤᠷᠪᠤᠯᠵᠢ ᠶᠢ ᠨᠢ ᠨᠠᠷᠢᠨ ᠬᠢᠨᠠᠮᠠᠭᠠᠢ | ᠵᠠᠳᠠᠯᠤᠨ ᠰᠢᠨᠵᠢᠯᠡᠵᠦ᠂ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠢ ᠪᠠᠷ ᠳᠤᠷᠠᠳᠤᠨ ᠭᠠᠷᠭᠠᠵᠤ᠂ ᠡᠯ᠎ᠡ ᠲᠥᠷᠥᠯ ᠤᠨ ᠬᠦᠷᠢᠶᠡᠨ ᠳᠠᠬᠢ | ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ | ᠬᠠᠨ ᠲᠤᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠦᠷᠦ ᠶᠢᠨ | ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠠᠶᠤᠯᠭᠦᠢ ᠦᠢᠯᠡᠳᠪᠦᠷᠢᠯᠡᠯ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ | ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠦᠢᠯᠡᠳᠦᠯᠭᠡᠵᠢᠭᠦᠯᠵᠦ᠂ ᠠᠮᠤᠷ ᠲᠦᠪᠰᠢᠨ ᠤ ᠵᠠᠰᠠᠯᠲᠠ ᠶᠢᠨ ᠦᠷ᠎ᠡ | ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠨ᠂ | ᠠᠶᠤᠯᠭᠦᠢ ᠦᠢᠯᠡᠳᠪᠦᠷᠢᠯᠡᠯ ᠤᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠲᠡᠭᠦᠨ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ | ᠡᠬᠦᠷᠬᠡᠯᠡᠯ ᠢᠶᠠᠨ ᠴᠢᠩᠭᠠᠳᠬᠠᠨ᠂ ᠦᠵᠡᠯ ᠰᠠᠨᠠᠭ᠎ᠠ ᠲᠠᠨᠢᠯᠲᠠ᠂ ᠵᠣᠬᠢᠶᠠᠨ ᠪᠠᠶᠢᠭᠤᠯᠤᠨ ᠤᠳᠤᠷᠢᠳᠬᠤ᠂ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠦᠨᠳᠦᠰᠦ ᠠᠴᠠ ᠨᠢ ᠵᠠᠰᠠᠬᠤ ᠪᠣᠭᠤᠮᠲᠠ ᠰᠢᠪᠳᠤᠯᠤᠯᠳᠠ ᠶᠢᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ | ᠬᠦᠨᠵᠡᠬᠡᠶᠢᠷᠡᠬᠦᠯᠦᠨ᠂ ᠬᠠᠷᠢᠭᠤᠴᠠᠯᠭ᠎ᠠ ᠡᠬᠦᠷᠬᠡᠯᠡᠯ ᠢ ᠴᠢᠩᠭᠠᠳᠬᠠᠵᠤ᠂ ᠵᠣᠷᠢᠭᠲᠠᠢ ᠪᠠᠷ ᠠᠰᠠᠭᠤᠳᠠᠯ ᠳᠤ ᠬᠠᠨᠳᠤᠨ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠬᠢ ᠡᠭᠦᠰᠦᠯ ᠠᠴᠠ ᠨᠢ ᠵᠠᠰᠠᠬᠤ᠂ ᠨᠠᠷᠢᠨ ᠵᠦᠢᠯᠡᠰ ᠢ ᠬᠠᠮᠢᠶᠠᠷᠤᠨ ᠡᠵᠡᠮᠳᠡᠬᠦ᠂ ᠳᠤᠲᠠᠭᠤᠳᠠᠯ ᠢ ᠨᠥᠬᠦᠪᠦᠷᠢᠯᠡᠬᠦ | ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠬᠦ ᠬᠡᠷᠡᠭᠲᠡᠢ᠃ ᠦᠷ᠎ᠡ | ᠳ᠋ᠦᠩ ᠢᠶᠠᠷ ᠤᠳᠤᠷᠢᠳᠤᠮᠵᠢ ᠪᠣᠯᠭᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠪᠠᠷᠢᠮᠲᠠᠯᠠᠵᠤ᠂ ᠰᠢᠰᠲ᠋ᠧᠮᠲᠦ ᠦᠵᠡᠯᠲᠡ᠂ ᠪᠦᠬᠦ ᠲᠠᠯ᠎ᠠ ᠶᠢᠨ ᠰᠡᠳᠬᠢᠬᠦᠢ᠂ | ᠠᠰᠠᠭᠤᠳᠠᠯ ᠤᠨ ᠤᠬᠠᠮᠰᠠᠷ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ | ᠢᠯᠡᠷᠡᠬᠦᠯᠦᠨ᠂ ᠰᠤᠳᠤᠯᠤᠨ ᠮᠠᠭᠠᠳᠯᠠᠵᠤ ᠰᠢᠢᠳᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠭᠤᠶᠢᠪᠠᠰᠢ ᠦᠬᠡᠢ ᠰᠠᠶᠢᠲᠤᠷ ᠠᠳᠬᠤᠨ᠂ ᠠᠶᠤᠯ ᠲᠦᠭᠰᠢᠭᠦᠷᠢ ᠶᠢᠨ ᠭᠡᠮ | ᠰᠣᠭᠤᠭ ᠤᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠲᠤ ᠪᠠᠬᠢ | ᠪᠠᠶᠢᠭᠤᠯᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠨ ᠨᠠᠶᠢᠳᠠᠪᠤᠷᠢᠵᠢᠭᠤᠯᠤᠯᠲᠠ ᠶᠢ ᠠᠳᠬᠤᠨ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠲᠦᠷᠦᠭᠦᠯᠡᠬᠦ | ᠦᠢᠯᠡᠳᠦᠯ ᠢ ᠭᠦᠢᠴᠡᠳ ᠪᠠᠳᠠᠷᠠᠭᠤᠯᠤᠨ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠱᠠᠯᠠᠪᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ | ᠲᠣᠭᠲᠠᠴᠠ ᠶᠢ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠬᠦᠴᠦᠨ ᠢ ᠨᠡᠶᠢᠳᠬᠡᠵᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠭᠤᠭᠴᠤᠭ᠎ᠠ ᠨᠢᠭᠡᠪᠦᠷᠢ᠂ | ᠶᠠᠪᠤᠴᠠ ᠨᠢᠭᠡᠪᠦᠷᠢ ᠶᠢᠨ ᠬᠠᠷᠢᠭᠤᠴᠠᠯᠭ᠎ᠠ ᠶᠢ ᠬᠥᠮᠥᠨ ᠳᠤ ᠨᠠᠶᠢᠳᠠᠪᠤᠷᠢᠵᠢᠭᠤᠯᠬᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠦᠢᠯᠡᠳᠪᠦᠷᠢ ᠠᠭᠤᠷᠬᠠᠢ᠂ ᠵᠠᠮ ᠬᠠᠷᠢᠯᠴᠠᠭ᠎ᠠ᠂ ᠪᠠᠷᠢᠯᠭ᠎ᠠ᠂ ᠭᠠᠯ ᠤᠨᠲᠠᠷᠠᠭᠠᠬᠤ᠂ ᠰᠢᠲᠠᠮᠠᠬᠠᠢ ᠬᠡᠢ ᠵᠡᠷᠭᠡ | ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠵᠢᠴᠢ ︽ᠶᠢᠰᠦᠨ ᠵᠢᠵᠢᠭ︾ ︽ᠣᠯᠠᠨ ᠢ ᠨᠢᠭᠡᠳᠬᠡᠭᠰᠡᠨ︾ ᠲᠠᠯᠠᠪᠤᠷ ᠭᠠᠵᠠᠷ᠂ ᠥᠪᠡᠷ ᠢᠶᠠᠨ ᠪᠠᠷᠢᠭᠰᠠᠨ | ᠭᠡᠷ ᠪᠠᠶᠢᠰᠢᠩ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠳᠤ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ᠥᠨᠴᠥᠭ ᠪᠤᠯᠤᠩ ᠦᠯᠡᠳᠡᠭᠡᠬᠦ ᠦᠭᠡᠢ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ︔ ᠬᠠᠤᠯᠢ ᠬᠡᠷᠡᠭᠵᠢᠭᠦᠯᠬᠦ ᠶᠢ ᠴᠢᠩᠭ᠎ᠠ ᠬᠢᠨᠠᠨ ᠬᠠᠮᠢᠶᠠᠷᠴᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ︽ | ᠥᠴᠥᠬᠡᠨ ᠴᠦ ᠢᠯᠳᠠᠷ ᠬᠠᠶᠠᠬᠤ ᠦᠭᠡᠢ︾ ᠪᠠᠶᠢᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠬᠤ | ᠬᠡᠷᠡᠭᠲᠡᠢ︔ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠳᠦᠷᠢᠮᠵᠢᠯᠲᠡ᠂ | ᠵᠢᠷᠦᠮᠵᠢᠯᠲᠡ᠂ ᠪᠠᠶᠢᠩᠭᠤᠵᠢᠯᠲᠠ ᠶᠢ ᠦᠷᠭᠦᠯᠵᠢᠯᠡᠨ ᠠᠬᠢᠭᠤᠯᠵᠤ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠮᠤᠷ | ᠲᠦᠪᠰᠢᠨ ᠤ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠮᠤᠷ ᠲᠦᠪᠰᠢᠨ ᠲᠣᠭᠲᠠᠭᠤᠨ ᠣᠷᠴᠢᠨ | ᠲᠣᠭᠤᠷᠢᠨ ᠢ ᠪᠤᠢ ᠪᠣᠯᠭᠠᠬᠤ ᠬᠡᠷᠡᠭᠲᠡᠢ ᠬᠡᠵᠡᠢ᠃ | | |